ᠲᠤᠬᠠᠢ ᠶᠢᠨ ᠭᠠᠵᠠᠷ ᠤᠨ ᠴᠠᠭ ᠢᠶᠠᠷ 1 ᠰᠠᠷ᠎ᠠ ᠶᠢᠨ 17 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠨᠸᠢᠢᠪᠢᠳᠦ᠋ ᠶᠢᠨ ᠬᠤᠶᠠᠳᠤᠭᠠᠷ ᠤᠯᠠᠨ ᠤᠯᠤᠰ ᠤᠨ ᠬᠤᠷᠠᠯ ᠤᠨ ᠲᠥᠪ ᠲᠤ ᠳᠤᠮᠳᠠᠳᠤ ᠪᠢᠷᠮᠠ ᠶᠢᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠢᠴᠢ ᠳᠤᠮᠳᠠᠳᠤ ᠪᠢᠷᠮᠠ ᠶᠢᠨ ᠰᠣᠶᠣᠯ | ᠵᠢᠭᠤᠯᠴᠢᠯᠠᠯ ᠤᠨ ᠣᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠢᠷᠮᠠ ᠶᠢᠨ ᠶᠡᠷᠦᠩᠬᠡᠶᠢᠯᠡᠭᠴᠢ ᠸᠧᠨ ᠮᠢᠨ᠂ | ᠲᠥᠷᠥ ᠶᠢᠨ ᠶᠠᠪᠤᠳᠠᠯ ᠤᠨ ᠲᠤᠰᠠᠯᠠᠭᠴᠢ ᠠᠩᠱᠠᠨᠰᠦ᠋ᠵᠢ᠂ ᠪᠢᠷᠮᠠ ᠶᠢᠨ ᠨᠢᠭᠡᠳᠦᠭᠡᠷ ᠳᠡᠳ᠋ ᠶᠡᠷᠦᠩᠬᠡᠶᠢᠯᠡᠭᠴᠢ ᠮᠢᠨ | ᠷᠦᠶ᠂ ᠬᠤᠶᠠᠳᠤᠭᠠᠷ ᠳᠡᠳ᠋ ᠶᠡᠷᠦᠩᠬᠡᠶᠢᠯᠡᠭᠴᠢ ᠾᠧᠩᠷᠢ ᠪᠠᠨᠳ᠋ᠸᠤ᠂ ᠬᠤᠯᠪᠣᠭᠠᠨ ᠤ ᠵᠥᠪᠯᠡᠯᠭᠡᠨ ᠤ ᠬᠤᠷᠠᠯ ᠤᠨ | ᠳᠠᠷᠤᠭ᠎ᠠ ᠪᠥᠭᠡᠳ ᠠᠷᠠᠳ ᠤᠨ ᠵᠥᠪᠯᠡᠯᠭᠡᠨ ᠤ ᠬᠤᠷᠠᠯ ᠤᠨ ᠳᠠᠷᠤᠭ᠎ᠠ ᠳ᠋ᠢᠺᠦ᠋ᠨᠮᠢ᠂ ᠦᠨᠳᠦᠰᠦᠲᠡᠨ ᠤ ᠵᠥᠪᠯᠡᠯᠭᠡᠨ ᠤ | ᠬᠤᠷᠠᠯ ᠤᠨ ᠳᠠᠷᠤᠭ᠎ᠠ ᠮᠠᠨᠸᠧᠨᠺᠠᠶᠢᠳᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠬᠢ ᠶᠢᠨ ᠶᠡᠷᠦᠩᠬᠡᠶ | ᠺᠤᠮᠠᠨᠳ᠋ᠯᠠᠭᠴᠢ ᠮᠢᠨ ᠠᠩ ᠯᠠᠶ᠂ ᠰᠠᠶᠢᠳ ᠨᠠᠷ ᠤᠨ ᠵᠥᠪᠯᠡᠯ ᠤᠨ ᠪᠦᠬᠦ ᠭᠡᠰᠢᠭᠦᠳ ᠣᠷᠣᠯᠴᠠᠵᠠᠶ᠃ | ᠬᠤᠷᠠᠯ ᠤᠨ ᠲᠥᠪ ᠲᠢᠶᠠᠲᠷ ᠲᠤ ︽ᠳᠤᠮᠳᠠᠳᠤ ᠪᠢᠷᠮᠠ ᠶᠢᠨ ᠠᠬ᠎ᠠ ᠳᠡᠭᠦᠤ ᠶᠢᠨ ᠨᠦᠬᠦᠷᠯᠡᠯ ᠢ ᠤᠯᠠᠮᠵᠢᠯᠠᠨ | ᠵᠠᠯᠭᠠᠮᠵᠢᠯᠠᠵᠤ᠂ ᠳᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ | ᠬᠢᠲᠠᠳ ᠪᠢᠷᠮᠠ ᠬᠤᠤᠰ ᠬᠡᠯᠡᠨ ᠤ ᠲᠣᠮᠣ ᠬᠥᠨᠳᠡᠯᠡᠨ ᠪᠢᠴᠢᠭᠡᠰᠦ ᠡᠯᠭᠦᠭᠳᠡᠵᠤ᠂ ᠬᠦᠷ ᠬᠦᠭᠵᠢᠶᠡᠨ ᠲᠠᠢ ᠪᠠᠶᠠᠷ | ᠪᠠᠶᠠᠰᠤᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠯ᠎ᠠ᠃ | | | | | | | ᠰᠢ ᠶᠢᠨ ᠫᠢᠩ ᠪᠢᠷᠮᠠ ᠶᠢᠨ ᠳᠠᠯ᠎ᠠ ᠶᠢᠨ ᠤᠳᠤᠷᠢᠳᠬᠤ ᠬᠥᠮᠦᠰ ᠤᠨ ᠪᠠᠷ᠎ᠠ ᠪᠤᠯᠤᠯᠭ᠎ᠠ ᠪᠠᠷ ᠲᠢᠶᠠᠲᠷ ᠲᠤ | ᠠᠯᠬᠤᠨ ᠣᠷᠣᠬᠤ ᠳᠤ ᠲᠠᠯᠠᠪᠠᠢ ᠳᠠᠶᠠᠭᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠪᠠ᠃ | ᠸᠧᠨ ᠮᠢᠨ ᠪᠣᠯᠤᠨ ᠠᠩᠱᠠᠨᠰᠦ᠋ᠵᠶ ᠲᠣᠰ ᠪᠦᠷᠢ ᠪᠠᠶᠠᠷ ᠤᠨ ᠦᠭᠡ ᠬᠡᠯᠡᠵᠡᠶ᠃ | ᠸᠧᠨ ᠮᠢᠨ᠂ ᠪᠢᠷᠮᠠ ᠳᠤᠮᠳᠠᠳᠤ ᠬᠤᠶᠠᠷ ᠤᠯᠤᠰ ᠤᠨ ᠨᠥᠬᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ | ᠶᠤᠮ᠂ ᠬᠤᠶᠠᠷ ᠤᠯᠤᠰ ᠤᠨ ᠠᠷᠠᠳ ᠲᠦᠮᠡᠨ ᠠᠬ᠎ᠠ ᠳᠡᠭᠦᠤ ᠮᠡᠲᠦ ᠳᠣᠲᠣᠨᠣ ᠪᠠᠶᠢᠵᠥ᠂ ᠶᠠᠭ ᠴᠧᠨ ᠢ ᠮᠠᠷᠱᠠᠯ ᠤᠨ | ᠰᠢᠯᠦᠭᠯᠡᠭᠰᠡᠨ ᠰᠢᠭ ᠢᠶᠠᠷ ︽ᠪᠢ ᠮᠥᠷᠡᠨ ᠤ ᠡᠬᠢᠨ ᠳᠤ ᠰᠠᠭᠤᠵᠤ᠂ ᠳᠠ ᠮᠥᠷᠡᠨ ᠤ ᠠᠳᠠᠭ ᠲᠤ ᠰᠠᠭᠤᠨ᠎ᠠ᠂ | ᠬᠢᠵᠠᠭᠠᠯᠠᠰᠢ ᠥᠬᠡᠶ ᠵᠤᠵᠠᠭᠠᠨ ᠬᠠᠶᠢᠷ᠎ᠠ ᠰᠡᠳᠬᠢᠯᠭᠡ ᠶᠢ ᠡᠪᠤᠷᠯᠡᠵᠦ᠂ ᠨᠢᠭᠡ ᠮᠥᠷᠡᠨ ᠤ ᠤᠰᠤ ᠶᠢ ᠬᠠᠮᠳᠤ ᠪᠠᠷ | ᠤᠤᠭᠤᠮᠤᠢ︾᠃ | ᠪᠢᠷᠮᠠ ᠳᠤᠮᠳᠠᠳᠤ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠲᠤᠷᠰᠢ ᠶᠡᠷᠦ ᠪᠤᠰᠤ ᠶᠢᠨ | ᠲᠡᠦᠬᠡᠨ ᠶᠠᠪᠤᠴᠠ ᠶᠢ ᠥᠩᠭᠡᠷᠡᠭᠦᠯᠪᠡ᠃ ᠬᠤᠶᠠᠷ ᠤᠯᠤᠰ ᠤᠨ ᠤᠳᠤᠷᠢᠳᠬᠤ ᠬᠥᠮᠦᠰ ᠨᠥᠬᠦᠷᠰᠡᠭ ᠶᠠᠪᠤᠯᠴᠠᠭ᠎ᠠ ᠪᠠᠨ | ᠨᠢᠭᠲᠠᠷᠠᠭᠤᠯᠵᠤ᠂ ᠬᠤᠶᠠᠷ ᠤᠯᠤᠰ ᠤᠨ ᠬᠠᠮᠲᠤ ᠪᠠᠷ ᠰᠠᠨᠠᠭᠠᠴᠢᠯᠠᠭᠰᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ | ᠲᠠᠪᠤᠨ ᠵᠠᠷᠴᠢᠮ ᠨᠢᠭᠡᠨᠲᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠵᠠᠢ᠃ ᠲᠡᠷᠢᠭᠦᠯᠡᠭᠴᠢ | ᠰᠢ ᠶᠢᠨ ᠫᠢᠩ ᠪᠢᠷᠮᠠ ᠳᠤᠮᠳᠠᠳᠤ ᠶᠢᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢᠨ | ᠲᠠᠰᠢᠷᠠᠮ ᠳᠤ ᠪᠢᠷᠮᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠷᠮᠠ ᠶᠢᠨ ᠤᠳᠤᠷᠢᠳᠬᠤ | ᠬᠥᠮᠦᠰ ᠲᠠᠢ ᠬᠠᠮᠲᠤ ᠪᠠᠷ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠠᠨ ᠦᠪᠡᠳᠡᠭᠰᠢ ᠶᠡᠭᠡ ᠪᠠᠷ | ᠪᠡᠯᠭᠡᠯᠡᠵᠦ ᠪᠠᠶᠢᠭ᠎ᠠ ᠨᠢ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ | ᠨᠥᠬᠦᠷᠯᠡᠯ ᠢ ᠬᠠᠷᠠᠭᠤᠯᠤᠭᠰᠠᠨ ᠢᠶᠠᠷ ᠦᠯᠦ ᠪᠠᠷᠠᠮ᠂ 2020 ᠣᠨ ᠢ ᠪᠢᠷᠮᠠ ᠳᠤᠮᠳᠠᠳᠤ ᠶᠢᠨ ᠬᠠᠷᠢᠯᠴᠠᠭᠠᠨ ᠤ | ᠲᠡᠦᠬᠡᠨ ᠳᠡᠭᠡᠷᠡᠬᠢ ᠰᠢᠨ᠎ᠡ ᠴᠢᠬᠤᠯᠠ ᠬᠥᠰᠢᠶ᠎ᠡ ᠳᠡᠮᠳᠡᠭ ᠪᠣᠯᠭᠠᠬᠤ ᠨᠢ ᠯᠠᠪᠲᠠᠢ᠃ ᠪᠢᠷᠮᠠ ᠶᠢᠨ ᠳᠠᠯ᠎ᠠ ᠶᠢᠨ ᠬᠢᠨ | ᠪᠢᠷᠮᠠ ᠳᠤᠮᠳᠠᠳᠤ ᠶᠢᠨ ᠡᠯ᠎ᠡ ᠬᠦᠷᠢᠶᠡᠨ ᠳᠠᠬᠢ ᠨᠥᠬᠦᠷᠰᠡᠭ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ | ᠦᠷᠭᠦᠯᠵᠢᠯᠡᠨ ᠴᠢᠷᠮᠠᠶᠢᠨ᠎ᠠ᠃ ᠪᠢᠷᠮᠠ ᠳᠤᠮᠳᠠᠳᠤ ᠶᠢᠨ ᠨᠥᠬᠦᠷᠯᠡᠯ ᠥᠨᠢ ᠤᠳᠠᠭᠠᠨ ᠪᠠᠶᠢᠬᠤ ᠶᠢ ᠵᠥᠩᠨᠡᠶ᠎ᠡ ᠬᠡᠵᠥ | ᠢᠯᠡᠳᠬᠡᠪᠡ᠃ | ᠠᠩᠱᠠᠠᠰᠦ᠋ᠵᠢ᠂ ᠪᠢᠷᠮᠠ ᠳᠤᠮᠳᠠᠳᠤ ᠶᠢᠨ ᠤᠳᠤᠷᠢᠳᠬᠤ ᠬᠥᠮᠦᠰ ᠬᠤᠶᠠᠷ ᠤᠯᠤᠰ ᠤᠨ ᠭᠠᠳᠠᠭᠠᠳᠦ | ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠵᠢᠴᠢ ᠪᠢᠷᠮᠠ ᠳᠤᠮᠳᠠᠳᠤ ᠶᠢᠨ | ᠰᠣᠶᠣᠯ ᠵᠢᠭᠤᠯᠴᠢᠯᠠᠯ ᠤᠨ ᠣᠨ ᠤ ᠡᠬᠢᠯᠡᠯᠲᠡ ᠶᠢᠨ ᠶᠣᠰᠣᠯᠠᠯ ᠳᠤ ᠬᠠᠮᠲᠤ ᠪᠠᠷ ᠣᠷᠣᠯᠴᠠᠭᠰᠠᠨ ᠨᠢ ᠥᠯᠵᠡᠢ | ᠪᠡᠯᠭᠡ ᠲᠠᠢ ᠴᠠᠭ ᠮᠥᠴᠡ ᠪᠣᠯᠤᠨ᠎ᠠ᠃ ᠪᠢᠷᠮᠠ ᠶᠢᠨ ᠤᠯᠤᠰ ᠤᠨ ᠳᠣᠲᠣᠭᠠᠳᠤ ᠶᠢᠨ ᠪᠠᠶᠢᠳᠠᠯ ᠶᠠᠭᠠᠬᠢᠵᠤ | ᠬᠤᠪᠢᠷᠬᠠᠰᠠᠨ ᠴᠤ ᠪᠢᠷᠮᠠ ᠶᠢᠨ ᠬᠤᠭᠤᠴᠠᠭ᠎ᠠ ᠪᠦᠷᠢ ᠶᠢᠨ ᠵᠠᠰᠠᠭ ᠤᠨ ᠣᠷᠳᠣᠨ ᠴᠦᠮ ᠳᠤᠮᠳᠠᠳᠤ ᠤᠯᠤᠰ ᠯᠤᠭ᠎ᠠ | ᠨᠥᠬᠦᠷᠰᠡᠭ ᠬᠠᠷᠢᠯᠴᠠᠭ᠎ᠠ ᠪᠠᠨ ᠬᠥᠭᠵᠢᠭᠦᠯᠬᠦ ᠶᠢ ᠴᠢᠬᠤᠯᠠᠴᠢᠯᠠᠳᠠᠭ᠃ ᠲᠡᠷᠢᠭᠦᠯᠡᠭᠴᠢ ᠰᠢ ᠶᠢᠨ ᠫᠢᠩ ᠰᠢᠨ᠎ᠡ ᠤᠨ | ᠡᠬᠢᠯᠡᠮᠡᠭᠴᠡ ᠪᠠᠨ ᠪᠢᠷᠮᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠯ᠎ᠠ᠂ ᠡᠨᠡ ᠪᠣᠯ ᠪᠢᠷᠮᠠ ᠳᠤᠮᠳᠠᠳᠤ ᠶᠢᠨ | ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠴᠢᠷᠮᠠᠶᠢᠯᠭ᠎ᠠ ᠶᠢᠨ ᠴᠢᠬᠤᠯᠠ ᠨᠢᠭᠡ ᠠᠯᠬᠤᠮ ᠪᠣᠯᠤᠨ᠎ᠠ᠃ | ᠪᠢᠷᠮᠠ ᠶᠢᠨ ᠲᠠᠯ᠎ᠠ ᠶᠢᠨ ᠬᠢᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠬᠦ | ᠮᠦᠷᠳᠡᠬᠡᠨ ᠲᠡᠬᠦᠨ ᠳᠤ ᠢᠳᠡᠪᠬᠢᠳᠠᠢ ᠣᠷᠣᠯᠴᠠᠨ᠎ᠠ᠂ ᠪᠢᠷᠮᠠ ᠳᠤᠮᠳᠠᠳᠤ ᠶᠢᠨ ᠠᠵᠤ ᠠᠬᠤᠢ ᠶᠢᠨ ᠬᠤᠩᠬᠢᠯ ᠤᠨ | ᠪᠦᠳᠦᠭᠡᠨ ᠪᠠᠶᠢᠭᠤᠯᠤᠯᠲᠠ ᠳᠤ ᠨᠡᠩ ᠤᠯᠠᠨ ᠦᠷ᠎ᠡ ᠪᠦᠲᠦᠭᠡᠯ ᠤᠯᠬᠤ ᠶᠢ ᠬᠦᠰᠡᠵᠦ ᠪᠠᠶᠢᠨ᠎ᠠ᠃ ᠪᠢᠳᠡ ᠬᠤᠶᠠᠷ | ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠵᠦ᠂ ᠬᠤᠶᠠᠷ ᠤᠯᠤᠰ ᠤᠨ | ᠨᠥᠬᠦᠷᠰᠡᠭ ᠶᠠᠪᠤᠯᠴᠠᠭᠠᠨ ᠤ ᠨᠡᠶᠢᠭᠡᠮ ᠤᠨ ᠰᠠᠭᠤᠷᠢ ᠶᠢ ᠥᠷᠭᠡᠳᠬᠡᠬᠦ ᠶᠢ ᠬᠦᠰᠡᠵᠦ ᠪᠠᠶᠢᠨ᠎ᠠ᠃ ᠲᠡᠷᠢᠭᠦᠯᠡᠭᠴᠢ | ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠯᠠᠪᠲᠠᠢ ᠪᠡᠶᠡᠯᠡᠭᠦᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ ᠳᠤᠮᠳᠠᠳᠤ ᠤᠯᠤᠰ ᠤᠨ | ᠬᠥᠭᠵᠢᠯᠲᠡ ᠨᠢ ᠪᠢᠷᠮᠠ ᠪᠤᠯᠤᠨ ᠳᠡᠯᠡᠬᠡᠶ ᠳ᠋ᠠᠬᠢᠨ ᠳᠤ ᠨᠡᠩ ᠶᠡᠭᠡ ᠠᠵᠠ ᠲᠣᠬᠢᠶᠠᠯ ᠠᠪᠴᠢᠷᠠᠬᠤ ᠪᠣᠯᠤᠨ᠎ᠠ ᠭᠡᠳᠡᠭ ᠢ | ᠪᠢᠳᠡ ᠢᠲᠡᠭᠡᠵᠦ ᠪᠠᠶᠢᠨ᠎ᠠ᠃ ᠪᠢᠳᠡ ᠳᠤᠮᠳᠠᠳᠤ ᠤᠯᠤᠰ ᠪᠣᠯᠤᠨ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠳᠡᠯᠡᠬᠡᠢ ᠶᠢᠨ ᠡᠩᠬᠡ | ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ | ᠬᠡᠵᠥ ᠢᠯᠡᠳᠬᠡᠪᠡ᠃ | ᠰᠢ ᠶᠢᠨ ᠫᠢᠩ ᠪᠠᠶᠠᠷ ᠤᠨ ᠦᠭᠡ ᠳᠡᠭᠡᠨ᠂ ᠤᠯᠠᠨ ᠲᠠᠢ ᠬᠠᠮᠳᠤ ᠳᠤᠮᠳᠠᠳᠤ ᠪᠢᠷᠮᠠ ᠶᠢᠨ ᠭᠠᠳᠠᠭᠠᠳᠦ | ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠪᠣᠯᠤᠨ ᠳᠤᠮᠳᠠᠳᠤ ᠪᠢᠷᠮᠠ ᠶᠢᠨ ᠰᠣᠶᠣᠯ | ᠵᠢᠭᠤᠯᠴᠢᠯᠠᠯ ᠤᠨ ᠣᠨ ᠡᠬᠢᠯᠡᠭᠰᠡᠨ ᠢ ᠬᠡᠷᠡᠴᠢᠯᠡᠭᠰᠡᠨ ᠳᠤ ᠲᠤᠩ ᠪᠠᠶᠠᠷ ᠲᠠᠢ ᠪᠠᠶᠢᠨ᠎ᠠ᠃ ᠡᠨᠡ ᠪᠣᠯ ᠳᠤᠮᠳᠠᠳᠤ | ᠪᠢᠷᠮᠠ ᠶᠢᠨ ᠨᠥᠬᠦᠷᠰᠡᠭ ᠶᠠᠪᠤᠯᠴᠠᠭᠠᠨ ᠤ ᠭᠡᠷᠡᠯ ᠰᠠᠴᠤᠷᠠᠩᠭᠤᠢ ᠲᠡᠦᠬᠡ ᠶᠢᠨ ᠴᠢᠬᠤᠯᠠ ᠲᠡᠦᠬᠡᠨ ᠢᠮ ᠲᠠᠮᠠᠭ᠎ᠠ | ᠪᠤᠯᠬᠤ ᠪᠥᠭᠡᠳ ᠬᠤᠶᠠᠷ ᠤᠯᠤᠰ ᠤᠨ ᠠᠷᠠᠳ ᠲᠦᠮᠡᠨ ᠤ ᠭᠡᠷᠡᠯ ᠰᠠᠴᠤᠷᠠᠩᠭᠤᠢ ᠦᠪᠡᠳᠡᠭᠰᠢ ᠶᠠᠪᠤᠳᠠᠯ ᠪᠣᠯᠤᠨ᠎ᠠ᠃ | ᠳᠤᠮᠳᠠᠳᠤ ᠪᠢᠷᠮᠠ ᠬᠤᠶᠠᠷ ᠤᠯᠤᠰ ᠤᠨ ᠠᠷᠠᠳ ᠲᠦᠮᠡᠨ ᠤ ᠨᠥᠬᠦᠷᠰᠡᠭ ᠶᠠᠪᠤᠯᠴᠠᠭ᠎ᠠ ᠮᠢᠩᠭᠠᠨ ᠵᠢᠯ ᠢ ᠲᠤᠭᠤᠯᠵᠤ | ᠳᠠᠰᠤᠷᠠᠰᠢ ᠦᠬᠡᠢ ᠦᠷᠭᠦᠯᠵᠢᠯᠡᠪᠡ᠃ ᠬᠤᠶᠠᠷ ᠲᠠᠯ᠎ᠠ ᠪᠠᠷ ᠢᠶᠠᠨ ᠰᠡᠳᠬᠢᠯ ᠰᠡᠳᠬᠢᠯ ᠢᠶᠠᠨ ᠮᠡᠳᠡᠯᠴᠡᠬᠦ᠂ ᠵᠢᠷᠭᠠᠯ | ᠵᠣᠪᠠᠯᠠᠩ ᠢᠶᠠᠨ ᠬᠠᠮᠲᠤᠳᠬᠠᠬᠤ ᠭᠦᠨ ᠵᠤᠵᠠᠭᠠᠨ ᠤᠤᠷ ᠲᠤᠨᠤᠳᠠᠰᠤ ᠪᠠ ᠡᠷᠬᠢᠮ ᠨᠠᠨᠳᠢᠨ ᠤᠯᠠᠮᠵᠢᠯᠠᠯ ᠲᠠᠢ ᠶᠤᠮ᠃ | ᠳᠤᠮᠳᠠᠳᠤ ᠪᠢᠷᠮᠠ ᠶᠢᠨ ᠰᠣᠶᠣᠯ ᠳᠤ ᠴᠥᠮ ︽ᠬᠤᠪᠢ ᠪᠠᠷᠢᠯᠳᠤᠯᠭ᠎ᠠ︾ ᠭᠡᠬᠦ ᠦᠭᠡ ᠶᠢ ᠡᠷᠬᠢᠮᠯᠡᠳᠡᠭ᠃ ᠮᠠᠨ ᠤ | ᠬᠤᠶᠠᠷ ᠤᠯᠤᠰ ᠤᠨ ᠭᠠᠵᠠᠷ ᠨᠤᠲᠤᠭ ᠣᠶᠢᠷᠠᠯᠴᠠᠭ᠎ᠠ᠂ ᠬᠦᠮᠦᠰ ᠤᠨ ᠬᠠᠷᠢᠴᠠᠭ᠎ᠠ ᠳᠣᠲᠣᠨᠣ᠂ ᠰᠣᠶᠣᠯ ᠬᠠᠷᠢᠯᠴᠠᠨ | ᠨᠡᠪᠲᠡᠷᠡᠯᠴᠡᠵᠦ᠂ ᠠᠬ᠎ᠠ ᠳᠡᠭᠦᠤ ᠶᠢᠨ ᠨᠦᠬᠦᠷᠯᠡᠯ ᠮᠢᠩᠭᠠᠨ ᠵᠢᠯ ᠢ ᠲᠤᠭᠤᠯᠤᠭᠰᠠᠨ ᠴᠤ ᠢᠮᠠᠭᠳᠠ ᠬᠤᠪᠢᠷᠠᠭ᠎ᠠ | ᠦᠭᠡᠢ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠡᠬᠢ ᠪᠤᠯᠠᠭ ᠪᠤᠯᠵᠠᠢ᠃ | ᠬᠤᠶᠠᠷ ᠲᠠᠯ᠎ᠠ ᠪᠠᠷ ᠢᠶᠠᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠠᠨ ᠪᠡᠯᠭᠡᠯᠡᠬᠦ ᠠᠵᠢᠯᠯᠠᠭ᠎ᠠ | ᠪᠣᠯᠤᠨ ᠰᠣᠶᠣᠯ ᠵᠢᠭᠤᠯᠴᠢᠯᠠᠯ ᠤᠨ ᠣᠨ ᠤ ᠠᠵᠢᠯᠯᠠᠭ᠎ᠠ ᠶᠢ ᠰᠠᠶᠢᠲᠤᠷ ᠡᠷᠬᠢᠯᠡᠬᠦ ᠪᠠᠷ ᠳᠠᠮᠵᠢᠨ ᠪᠣᠯᠪᠠᠰᠤᠨ ᠢᠶᠠᠨ | ᠬᠠᠷᠢᠯᠴᠠᠨ ᠲᠤᠯᠢᠳᠠᠬᠤ ᠪᠠᠨ ᠴᠢᠩᠭᠠᠳᠬᠠᠨ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ | ᠳᠤᠮᠳᠠᠳᠤ ᠪᠢᠷᠮᠠ ᠶᠢᠨ ᠨᠥᠬᠦᠷᠰᠡᠭ ᠦᠢᠯᠡᠰ ᠲᠤ ᠨᠡᠩ ᠤᠯᠠᠨ ᠣᠷᠣᠯᠴᠠᠭᠴᠢ᠂ ᠠᠰᠢᠭ ᠬᠦᠷᠳᠡᠭᠴᠢ ᠪᠠ | ᠳᠡᠮᠵᠢᠭᠴᠢ ᠶᠢ ᠬᠥᠮᠦᠵᠢᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠨᠡᠶᠢᠭᠡᠮ ᠤᠨ ᠰᠠᠭᠤᠷᠢ ᠶᠢ ᠪᠠᠬᠢᠵᠢᠭᠦᠯᠦᠶ᠎ᠡ | ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠳᠤ ᠲᠤᠮᠳᠠᠳᠤ ᠪᠢᠷᠮᠠ ᠶᠢᠨ ᠬᠠᠷᠢᠯᠴᠠᠭ᠎ᠠ ᠶᠢ ᠠᠬᠢᠭᠤᠯᠬᠤ ᠳᠤ | ᠤᠷᠢᠳᠤᠬᠢ ᠶᠢ ᠵᠠᠯᠭᠠᠮᠵᠢᠯᠡᠨ ᠬᠤᠶᠢᠰᠢᠬᠢ ᠳᠤ ᠵᠠᠮ ᠨᠡᠭᠡᠭᠡᠵᠤ᠂ ᠲᠦᠪ ᠶᠤᠰᠤ ᠶᠢ ᠪᠠᠷᠢᠮᠳᠠᠯᠠᠨ ᠰᠢᠨ᠎ᠡ ᠶᠢ ᠡᠬᠦᠳᠬᠦ | ᠴᠢᠬᠤᠯᠠᠳᠠᠢ᠃ ᠪᠢ ᠶᠡᠷᠤᠩᠭᠡᠶᠢᠯᠡᠭᠴᠢ ᠸᠧᠨ ᠮᠢᠨ ᠯᠦᠭᠡ ᠲᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠳᠤ ᠶᠢᠨ | ᠴᠤᠬᠴᠠ ᠶᠢ ᠬᠠᠮᠳᠤ ᠪᠠᠷ ᠪᠠᠶᠢᠭᠤᠯᠬᠤ ᠶᠢ ᠰᠠᠨᠠᠯ ᠨᠢᠭᠡᠳᠠᠢ ᠵᠦᠪᠰᠢᠶᠡᠷᠡᠪᠡ᠃ ᠡᠨᠡ ᠬᠦ ᠴᠢᠬᠤᠯᠠ ᠤᠯᠤᠰ | ᠲᠦᠷᠦ ᠶᠢᠨ ᠬᠠᠮᠳᠤ ᠶᠢᠨ ᠲᠠᠨᠢᠯᠳᠠ ᠨᠢ ᠲᠤᠮᠳᠠᠳᠤ ᠪᠢᠷᠮᠠ ᠬᠤᠶᠠᠷ ᠤᠯᠤᠰ ᠤᠨ ᠬᠠᠷᠢᠯᠴᠠᠨ ᠲᠦᠰᠢᠭᠯᠡᠯᠴᠡᠨ | ᠤᠷᠤᠰᠢᠬᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ ᠤᠨᠴᠠᠭᠠᠢ ᠬᠠᠷᠢᠴᠠᠭ᠎ᠠ ᠶᠢ ᠬᠦᠨᠵᠡᠭᠡᠢ ᠲᠠᠶᠢᠯᠪᠤᠷᠢᠯᠠᠵᠤ᠂ | ᠬᠤᠶᠠᠷ ᠤᠯᠤᠰ ᠤᠨ ᠠᠷᠠᠳ ᠲᠦᠮᠡᠨ ᠤ ᠵᠤᠪᠠᠭᠤᠷᠢ ᠵᠦᠳᠡᠭᠦᠷᠢ ᠪᠠᠨ ᠬᠠᠮᠳᠤᠳᠬᠠᠨ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠠᠬ᠎ᠠ ᠲᠡᠬᠦᠤ ᠶᠢᠨ ᠨᠦᠬᠦᠷᠯᠡᠯ ᠢ ᠠᠮᠢᠳᠤᠯᠢᠭ ᠢᠯᠡᠷᠡᠬᠦᠯᠵᠤ᠂ ᠬᠤᠶᠠᠷ ᠲᠠᠯ᠎ᠡ ᠶᠢᠨ ᠬᠠᠷᠢᠯᠴᠠᠭᠠᠨ ᠤ | ᠢᠷᠡᠭᠡᠳᠦᠢ ᠶᠢᠨ ᠬᠦᠭᠵᠢᠯᠳᠠ ᠶᠢᠨ ᠴᠤ᠋ ᠰᠢᠨ᠎ᠡ ᠠᠯᠤᠰ ᠤᠨ ᠲᠦᠰᠦᠪ ᠢ ᠪᠦᠬᠦ ᠲᠠᠯ᠎ᠡ ᠪᠠᠷ ᠵᠢᠷᠤᠬᠯᠠᠪᠠ᠃ ᠬᠤᠶᠠᠷ | ᠲᠠᠯ᠎ᠡ ᠪᠠᠷ ᠢᠶᠠᠨ ᠲᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠪᠠᠷ ᠵᠢᠷᠤᠮᠯᠠᠯ | ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠤ ᠦᠨᠳᠤᠰᠤᠨ ᠠᠰᠢᠭ ᠲᠤᠰᠠ ᠶᠢ ᠬᠦᠨᠳᠤᠳᠬᠡᠨ᠂ ᠤᠯᠤᠰ | ᠲᠦᠷᠦ ᠶᠢᠨ ᠢᠳᠡᠭᠡᠯᠴᠡᠭᠡ ᠪᠠᠨ ᠪᠠᠬᠢᠵᠢᠬᠦᠯᠵᠤ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠦᠷᠭᠡᠳᠭᠡᠨ᠂ | ᠬᠤᠶᠠᠷ ᠤᠯᠤᠰ ᠤᠨ ᠠᠷᠠᠳ ᠲᠦᠮᠡᠨ ᠢ ᠡᠬᠦᠷᠢᠳᠠ ᠰᠠᠶᠢᠨ ᠬᠦᠷᠰᠢ᠂ ᠰᠠᠶᠢᠨ ᠨᠠᠶᠢᠵᠠ᠂ ᠰᠠᠶᠢᠨ ᠠᠬ᠎ᠠ ᠲᠡᠬᠦᠤ᠂ | ᠰᠠᠶᠢᠨ ᠬᠠᠨᠢᠳᠠᠨ ᠪᠤᠯᠭᠠᠶ᠎ᠡ ᠭᠡᠵᠤ ᠴᠢᠬᠤᠯᠠᠴᠢᠯᠠᠪᠠ᠃ | ᠰᠢ ᠶᠢᠨ ᠫᠢᠩ᠂ ᠲᠤᠮᠳᠠᠳᠤ ᠤᠯᠤᠰ ᠪᠤᠯᠤᠨ ᠪᠢᠷᠮᠠ ᠶᠢᠨ ᠬᠠᠮᠳᠤ ᠪᠠᠷ ᠰᠠᠨᠠᠭᠠᠴᠢᠯᠠᠬᠰᠡᠨ ᠨᠠᠶᠢᠷᠠᠮᠳᠠᠯ ᠢᠶᠠᠷ | ᠵᠡᠷᠭᠡᠴᠡᠨ ᠤᠷᠤᠰᠢᠬᠤ ᠲᠠᠪᠤᠨ ᠵᠠᠷᠴᠢᠮ ᠪᠤᠯ ᠤᠯᠠᠨ ᠤᠯᠤᠰ ᠤᠨ ᠬᠠᠷᠢᠯᠴᠠᠭᠠᠨ ᠤ ᠲᠡᠤᠭᠡᠨ ᠲᠡᠭᠡᠷᠡᠬᠢ ᠴᠢᠬᠤᠯᠠ | ᠡᠬᠦᠳᠦᠯᠳᠠ ᠮᠦᠨ᠃ ᠤᠳᠤ ᠶᠢᠨ ᠲᠡᠯᠡᠭᠡᠢ ᠶᠢᠷᠳᠢᠨᠴᠤ ᠶᠠᠭ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ | ᠬᠤᠪᠢᠰᠤᠯᠳᠠ ᠶᠢ ᠦᠡᠭᠭᠡᠷᠡᠭᠡᠵᠤ᠂ ᠲᠡᠯᠡᠭᠡᠢ ᠨᠡᠶᠢᠳᠡ ᠪᠠᠷ ᠢᠶᠠᠨ ᠡᠳᠦᠷ ᠢᠷᠡᠬᠦᠶ᠎ᠡ ᠨᠢᠭᠡ ᠨᠢᠭᠡ ᠠᠴᠠ ᠪᠠᠨ ᠰᠠᠯᠵᠤ | ᠳᠡᠶᠢᠯᠬᠦ ᠦᠭᠡᠢ ᠬᠠᠷᠢᠯᠴᠠᠨ ᠠᠭᠤᠰᠤᠯᠴᠠᠬᠰᠡᠨ ᠬᠤᠪᠢ ᠵᠠᠶᠠᠭᠠᠨ ᠤ ᠬᠠᠮᠳᠤ ᠶᠢᠨ ᠴᠤᠬᠴᠠ ᠪᠤᠯᠤᠨ ᠪᠦᠷᠢᠯᠳᠦᠪᠠ᠂ | ᠭᠡᠪᠡᠴᠤ ᠤᠯᠠᠨ ᠤᠯᠤᠰ ᠤᠨ ᠬᠠᠷᠢᠯᠴᠠᠭ᠎ᠠ ᠲᠤᠮᠳᠠᠬᠢ ᠲᠦᠪ ᠭᠤᠤᠯᠴᠢ ᠪᠤᠰᠤ ᠡᠷᠭᠡ ᠲᠡᠭᠰᠢ ᠪᠤᠰᠤ ᠦᠵᠡᠭᠳᠡᠯ ᠮᠦᠨ | ᠬᠦ ᠮᠠᠰᠢ ᠲᠤᠪᠤᠶᠢᠮ᠎ᠡ ᠪᠠᠶᠢᠵᠤ᠂ ᠲᠡᠯᠡᠭᠡᠢ ᠶᠢᠨ ᠡᠩᠭᠡ ᠲᠠᠶᠢᠪᠤᠩ ᠢ ᠬᠠᠮᠠᠭᠠᠯᠠᠬᠤ᠂ ᠬᠠᠮᠳᠤ ᠶᠢᠨ ᠬᠦᠭᠵᠢᠯᠳᠠ ᠶᠢ | ᠠᠬᠢᠭᠤᠯᠬᠤ ᠠᠵᠢᠯ ᠮᠦᠨ ᠬᠦ ᠡᠬᠦᠷᠭᠡ ᠬᠦᠨᠳᠤ ᠵᠠᠮ ᠬᠤᠯᠠ ᠪᠠᠶᠢᠬᠰᠠᠭᠠᠷ ᠶᠤᠮ᠃ ᠰᠢᠨ᠎ᠡ ᠪᠠᠶᠢᠳᠠᠯ ᠲᠤᠤᠷ᠎ᠠ | ᠨᠡᠶᠢᠷᠠᠮᠳᠠᠯ ᠢᠶᠠᠷ ᠵᠠᠷᠭᠡᠴᠡᠨ ᠤᠷᠤᠰᠢᠬᠤ ᠲᠠᠪᠤᠨ ᠵᠠᠷᠴᠢᠮ ᠴᠠᠭ ᠠᠴᠠ ᠦᠡᠭᠭᠡᠷᠡᠭᠰᠡᠨ ᠦᠭᠡᠢ ᠪᠦᠭᠡᠳ ᠬᠠᠷᠢᠨ ᠤᠨ | ᠤᠳᠠᠬᠤ ᠲᠤᠳᠤᠮ ᠰᠢᠨᠡᠳᠴᠤ ᠪᠠᠶᠢᠨ᠎ᠡ᠃ ᠲᠤᠮᠳᠠᠳᠤ ᠤᠯᠤᠰ ᠲᠤᠷᠠᠳᠠᠶ᠎ᠡ ᠪᠢᠷᠮᠠ ᠶᠢᠨ ᠬᠢᠨ ᠲᠠᠢ ᠬᠠᠮᠳᠤ ᠪᠠᠷ | ᠨᠠᠶᠢᠷᠠᠮᠳᠠᠯ ᠢᠶᠠᠷ ᠵᠠᠷᠭᠡᠴᠡᠨ ᠤᠷᠤᠰᠢᠬᠤ ᠲᠠᠪᠤᠨ ᠵᠠᠷᠴᠢᠮ ᠢ ᠪᠠᠳᠠᠷᠠᠭᠤᠯᠤᠨ ᠦᠢᠯᠡᠳᠦᠯᠭᠡᠵᠢᠬᠦᠯᠬᠦ ᠦᠯᠢᠭᠡᠷ | ᠲᠠᠭᠤᠷᠢᠶᠠᠯ ᠪᠤᠯᠵᠤ᠂ ᠤᠯᠤᠰ ᠤᠨ ᠬᠤᠭᠤᠷᠤᠨᠳᠤᠬᠢ ᠬᠠᠷᠢᠯᠴᠠᠭᠠᠨ ᠤ ᠦᠯᠢᠭᠡᠷ ᠵᠢᠱᠢᠶ᠎ᠡ ᠶᠢ ᠪᠤᠢ ᠪᠤᠯᠭᠠᠵᠤ᠂ | ᠲᠡᠯᠡᠭᠡᠢ ᠨᠡᠶᠢᠳᠡ ᠪᠠᠷ ᠢᠶᠠᠨ ᠭᠠᠷ ᠬᠤᠯᠪᠤᠨ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ | ᠴᠤᠬᠴᠠ ᠶᠢ ᠪᠠᠶᠢᠭᠤᠯᠬᠤ ᠶᠢ ᠠᠬᠢᠭᠤᠯᠤᠨ᠎ᠡ ᠭᠡᠵᠤ ᠴᠢᠬᠤᠯᠠᠴᠢᠯᠠᠪᠠ᠃ | ᠰᠢ ᠶᠢᠨ ᠫᠢᠩ᠂ ︽ᠠᠬ᠎ᠠ ᠲᠡᠬᠦᠤ ᠶᠢᠨ ᠨᠦᠬᠦᠷᠯᠡᠯ ᠭᠦᠨ ᠵᠤᠵᠠᠭᠠᠨ᠂ ᠮᠦᠷᠡᠨ ᠭᠤᠤᠯ ᠤᠨ ᠤᠷᠤᠰᠬᠠᠯ | ᠤᠷᠳᠤ ᠠᠴᠠ ᠤᠷᠳᠤ︾᠃ ᠬᠤᠶᠠᠷ ᠲᠠᠯ᠎ᠡ ᠶᠢᠨ ᠬᠠᠮᠳᠤ ᠶᠢᠨ ᠴᠢᠷᠮᠠᠶᠢᠯᠭ᠎ᠠ ᠪᠠᠷ ᠲᠤᠮᠳᠠᠳᠤ ᠪᠢᠷᠮᠠ ᠶᠢᠨ ᠨᠦᠬᠦᠷᠰᠡᠭ | ᠶᠠᠪᠤᠯᠴᠠᠭ᠎ᠠ ᠪᠤᠯᠤᠨ ᠬᠠᠮᠳᠤᠷᠠᠯᠴᠠᠭᠠᠨ ᠤ ᠬᠦᠭᠵᠢᠯᠳᠠ ᠶᠢᠨ ᠲᠡᠤᠭᠡᠨ ᠤᠷᠤᠰᠬᠠᠯ ᠯᠠᠪᠳᠠᠢ ᠡᠬᠢ ᠰᠤᠷᠪᠤᠯᠵᠢ ᠨᠢᠭᠡᠳᠠᠢ | ᠲᠤᠮᠳᠠᠳᠤ ᠤᠯᠤᠰ ᠤᠨ ᠯᠠᠨᠼᠠᠩᠵᠢᠶᠠᠩ ᠮᠦᠷᠠᠨ ᠪᠤᠯᠤᠨ ᠪᠢᠷᠮᠠ ᠶᠢᠨ ᠢᠷᠠᠸᠠᠳᠢ ᠮᠦᠷᠡᠨ ᠯᠦᠭᠡ ᠠᠳᠠᠯᠢ ᠪᠠᠷ | ᠦᠨᠳᠤᠷ ᠠᠭᠤᠯᠠ ᠶᠢ ᠲᠠᠪᠠᠨ ᠪᠠᠷᠳᠠᠭᠠᠳᠦ ᠲᠠᠩ ᠢ ᠭᠡᠳᠦᠯᠵᠤ᠂ ᠢᠮᠠᠬᠳᠠ ᠤᠷᠤᠭᠰᠢ ᠪᠠᠨ ᠲᠠᠪᠠᠯᠭᠠᠯᠠᠨ ᠤᠷᠤᠰᠤᠨ᠎ᠠ | ᠭᠡᠳᠡᠭ ᠢ ᠪᠢ ᠢᠳᠡᠭᠡᠵᠤ ᠪᠠᠶᠢᠨ᠎ᠡ ᠭᠡᠵᠤ ᠴᠢᠬᠤᠯᠠᠴᠢᠯᠠᠪᠠ᠃ | ᠪᠠᠶᠠᠷ ᠤᠨ ᠦᠭᠡ ᠬᠡᠯᠡᠭᠰᠡᠨ ᠤ ᠪᠠᠨ ᠲᠠᠷᠠᠭ᠎ᠠ᠂ ᠰᠢ ᠶᠢᠨ ᠫᠢᠩ ᠪᠤᠯᠤᠨ ᠸᠧᠨ ᠮᠢᠨ ᠬᠠᠮᠳᠤ ᠪᠠᠷ | ᠲᠠᠷᠤᠪᠴᠢ ᠶᠢ ᠲᠠᠷᠤᠵᠤ᠂ ᠲᠤᠮᠳᠠᠳᠤ ᠪᠢᠷᠮᠠ ᠶᠢᠨ ᠰᠤᠶᠤᠯ ᠵᠢᠭᠤᠯᠴᠢᠯᠠᠯ ᠤᠨ ᠤᠨ ᠤ ᠠᠵᠢᠯᠯᠠᠭ᠎ᠠ ᠶᠢ ᠡᠬᠢᠯᠡᠬᠦᠯᠪᠡ᠃ | | ᠬᠤᠶᠠᠷ ᠤᠯᠤᠰ ᠤᠨ ᠤᠳᠤᠷᠢᠳᠬᠤ ᠬᠦᠮᠦᠨ ᠲᠤᠮᠳᠠᠳᠤ ᠪᠢᠷᠮᠠ ᠬᠤᠶᠠᠷ ᠤᠯᠤᠰ ᠤᠨ ᠤᠷᠠᠯᠢᠭᠴᠢᠳ ᠤᠨ | ᠳᠡᠪᠰᠢᠭᠦᠯᠦᠭᠰᠡᠨ ᠭᠤᠶᠢᠳᠠ ᠰᠠᠶᠢᠬᠠᠨ ᠲᠤᠬᠯᠠᠯᠳᠠ ᠶᠢ ᠬᠠᠮᠳᠤ ᠪᠠᠷ ᠰᠤᠨᠢᠷᠬᠠᠪᠠ᠃ ᠦᠨᠳᠤᠰᠤᠳᠡᠨ ᠤ ᠬᠤᠪᠴᠠᠰᠤ | ᠵᠠᠰᠠᠯ ᠢᠶᠠᠷ ᠢᠶᠠᠨ ᠭᠤᠶᠤᠯᠠᠬᠰᠡᠨ ᠪᠢᠷᠮᠠ ᠶᠢᠨ ᠤᠷᠠᠯᠢᠬᠴᠢᠳ ᠤᠯᠠᠮᠵᠢᠯᠠᠯᠳᠤ ᠭᠠᠷ ᠤᠷᠠᠯᠠᠯ ᠤᠨ ᠮᠡᠷᠭᠡᠵᠢᠯ ᠢᠶᠠᠷ | ᠦᠢᠯᠡᠳᠦᠭᠰᠡᠨ ᠪᠠᠼᠢᠨ ᠰᠢᠬᠦᠷ ᠢᠶᠠᠨ ᠠᠳᠬᠤᠵᠤ᠂ ᠤᠷᠢᠳ ᠬᠤᠵᠢᠳ ︽ᠪᠢᠷᠮᠠ︾᠂ ︽ᠲᠤᠮᠳᠠᠳᠤ ᠤᠯᠤᠰ︾ | ᠭᠡᠬᠦ ᠬᠤᠶᠠᠷ ᠠᠩᠭ᠍ᠯᠢ ᠬᠡᠯᠡᠨ ᠤ ᠲᠠᠩ ᠦᠭᠡ ᠶᠢ ᠢᠯᠡᠷᠡᠭᠦᠯᠪᠡ᠃ ᠭᠤᠶᠢᠳᠠ ᠰᠠᠶᠢᠬᠠᠨ ᠰᠤᠷᠭᠤᠭ ᠴᠡᠴᠡᠭ ᠮᠠᠳᠤ | ᠪᠠᠼᠢᠨᠰᠢᠬᠦᠷ ᠨᠢ ᠭᠱᠠᠨ ᠵᠠᠭᠤᠷ᠎ᠡ ︽70︾ ᠭᠡᠬᠦ ᠲᠤᠭ᠎ᠠ ᠪᠤᠯᠤᠨ ᠳᠡᠯᠭᠡᠷᠡᠵᠦ᠂ ᠲᠤᠮᠳᠠᠳᠤ ᠪᠢᠷᠮᠠ ᠶᠢᠨ ᠭᠠᠳᠠᠭᠠᠳᠤ | ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠤᠢ ᠶᠢᠨ ᠲᠤᠬᠠᠢ ᠰᠠᠶᠢᠨ ᠰᠠᠶᠢᠬᠠᠨ ᠬᠦᠰᠡᠯ ᠵᠦᠡᠭᠨᠡᠯ ᠢ ᠪᠡᠯᠭᠡᠳᠡᠵᠤ᠂ | ᠲᠠᠯᠠᠪᠠᠢ ᠲᠠᠶᠠᠭᠠᠷ ᠢᠶᠠᠨ ᠨᠢᠵᠢᠭᠢᠨᠡᠳᠡᠯ᠎ᠡ ᠠᠯᠠᠭ᠎ᠠ ᠲᠠᠰᠢᠵᠠᠭᠠᠯᠠ᠃ | ᠶᠤᠰᠤᠯᠠᠯ ᠡᠬᠢᠯᠡᠬᠦ ᠠᠴᠠ ᠡᠮᠤᠨ᠎ᠡ᠂ ᠰᠢ ᠶᠢᠨ ᠫᠢᠩ ᠪᠢᠷᠮᠠ ᠶᠢᠨ ᠤᠳᠤᠷᠢᠳᠬᠤ ᠬᠦᠮᠦᠨ ᠤ ᠪᠠᠷ᠎ᠡ | ᠪᠤᠯᠤᠯᠭ᠎ᠠ ᠪᠠᠷ ᠲᠤᠮᠳᠠᠳᠤ ᠪᠢᠷᠮᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠤᠢ ᠶᠢ ᠪᠡᠯᠭᠡᠯᠡᠬᠦ | ᠭᠡᠷᠡᠯ ᠵᠢᠷᠤᠭ ᠤᠨ ᠦᠵᠡᠬᠦᠯᠭᠡ ᠶᠢ ᠰᠤᠨᠢᠷᠬᠠᠪᠠ᠃ ᠭᠡᠷᠡᠯ ᠵᠢᠷᠤᠭ ᠤᠨ ᠦᠵᠡᠬᠦᠯᠭᠡ ᠨᠢ ᠲᠤᠮᠳᠠᠳᠤ ᠪᠢᠷᠮᠠ ᠶᠢᠨ | ᠭᠠᠳᠠᠭᠠᠳᠤ ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠲᠤᠷᠰᠢᠬᠢ ᠬᠤᠶᠠᠷ ᠲᠠᠯ᠎ᠡ ᠶᠢᠨ ᠶᠠᠪᠤᠯᠴᠠᠭᠠᠨ ᠳᠤᠮᠳᠠᠬᠢ | ᠬᠦᠮᠦᠰ ᠤᠨ ᠰᠡᠳᠬᠢᠯ ᠢ ᠬᠦᠳᠡᠯᠭᠡᠮ᠎ᠡ ᠬᠤᠷᠤᠮ ᠵᠠᠭᠤᠷ᠎ᠠ ᠨᠤᠭᠤᠳ ᠢ ᠲᠡᠮᠳᠡᠭᠯᠡᠨ ᠦᠯᠡᠳᠡᠭᠡᠵᠠᠢ᠃ ᠰᠢ ᠶᠢᠨ ᠫᠢᠩ | ᠪᠠᠶᠢᠨ ᠪᠠᠶᠢᠨ ᠵᠤᠬᠰᠤᠵᠤ ᠲᠠᠶᠢᠯᠪᠤᠷᠢᠯᠠᠯᠳᠠ ᠶᠢ ᠨᠠᠷᠢᠨ ᠬᠢᠨᠠᠮᠠᠭᠠᠢ ᠰᠤᠨᠤᠰᠤᠬᠰᠡᠨ ᠪᠦᠭᠡᠳ ᠭᠡᠷᠡᠯ ᠵᠢᠷᠤᠭ ᠢ ᠨᠠᠷᠢᠨ | ᠨᠢᠮᠪᠠᠢ ᠰᠤᠨᠢᠷᠬᠠᠪᠠ᠃ | ᠲᠤᠰ ᠤᠷᠤᠢ᠂ ᠰᠢ ᠶᠢᠨ ᠫᠢᠩ ᠪᠢᠷᠮᠠ ᠶᠢᠨ ᠬᠤᠯᠪᠤᠭᠠᠨ ᠤ ᠵᠦᠪᠯᠡᠯᠭᠡᠨ ᠤ ᠬᠤᠷᠠᠯ ᠤᠨ ᠲᠠᠷᠤᠭ᠎ᠠ ᠪᠦᠭᠡᠳ | ᠠᠷᠠᠳ ᠤᠨ ᠵᠦᠪᠯᠡᠯᠭᠡᠨ ᠤ ᠬᠤᠷᠠᠯ ᠤᠨ ᠲᠠᠷᠤᠭ᠎ᠠ ᠳ᠋ᠢᠺᠦ᠋ᠨᠮᠢ ᠪᠤᠯᠤᠨ ᠦᠨᠳᠤᠰᠤᠳᠡᠨ ᠤ ᠵᠦᠪᠯᠡᠯᠭᠡᠨ ᠤ ᠬᠤᠷᠠᠯ ᠤᠨ | ᠲᠠᠷᠤᠭ᠎ᠠ ᠮᠠᠨᠸᠧᠨᠺᠠᠶᠢᠳᠠᠨ ᠯᠤᠭ᠎ᠠ ᠨᠦᠬᠦᠷᠰᠡᠭ ᠢᠶᠠᠷ ᠶᠠᠷᠢᠯᠴᠠᠬᠰᠡᠨ ᠪᠦᠭᠡᠳ ᠪᠢᠷᠮᠠ ᠶᠢᠨ ᠭᠤᠤᠯ ᠪᠤᠯᠬᠤ ᠲᠦᠷᠦ ᠶᠢᠨ | ᠨᠠᠮ ᠤᠨ ᠤᠳᠤᠷᠢᠳᠬᠤ ᠬᠦᠮᠦᠰ ᠲᠠᠢ ᠬᠠᠮᠳᠤ ᠶᠢᠨ ᠰᠡᠬᠦᠳᠡᠷ ᠲᠠᠳᠠᠭᠤᠯᠵᠤ ᠲᠤᠷᠠᠰᠬᠠᠯ ᠦᠯᠡᠳᠡᠭᠡᠭᠰᠡᠨ ᠪᠠᠶᠢᠨ᠎ᠠ᠃ | ᠳ᠋ᠢᠩ ᠰᠢᠤᠸᠠᠢ ᠰᠢᠶᠠᠩ᠂ ᠶᠠᠩ ᠵᠢᠶᠧ ᠤᠣᠢ᠂ ᠸᠠᠩ ᠢ᠂ ᠾᠧ ᠯᠢ ᠹᠧᠩ ᠨᠠᠷ ᠲᠡᠭᠡᠷᠡᠬᠢ ᠠᠵᠢᠯᠯᠠᠭ᠎ᠠ ᠳᠤ | ᠤᠷᠤᠯᠴᠠᠵᠠᠢ᠃ | |