ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠬᠦᠭᠵᠢᠬᠦᠯᠬᠦ ᠪᠣᠯ ᠰᠠᠶ᠋ᠢ ᠲᠡᠷᠢᠭᠦᠨ ᠴᠢᠬᠤᠯᠠ ᠡᠭᠦᠷᠭᠡ ᠮᠦᠨ
ᠨᠡᠶᠢᠲᠡᠯᠡᠭᠰᠡᠨ ᠴᠠᠭ᠄
2020-01-19
     ᠭᠠᠯᠠᠭᠤᠲᠤ ᠪᠠᠯᠭᠠᠰᠤᠨ ᠤ ᠳᠤᠭᠤᠶᠢᠯᠠᠩ ᠨᠡᠶᠢᠭᠡᠮ ᠲᠣᠭᠤᠷᠢᠭ ᠨᠢ ᠬᠤᠷᠢᠨ ᠭᠤᠷᠪᠠᠨ ᠤ ᠭᠠᠯ ᠳᠠᠬᠢᠯᠭ᠎ᠠ ᠶᠢ ᠲᠣᠬᠢᠶᠠᠯᠳᠤᠭᠤᠯᠤᠨ ᠰᠠᠭᠤᠭᠠᠯᠢ ᠠᠷᠠᠳ ᠢᠶᠠᠨ ᠵᠣᠬᠢᠶᠠᠨ ᠪᠠᠶᠢᠭᠤᠯᠤᠨ ᠬᠡᠦᠬᠡᠳ ᠪᠠᠭᠠᠴᠤᠳ ᠲᠤ ᠤᠯᠠᠮᠵᠢᠯᠠᠯᠲᠤ ᠶᠣᠰᠣ ᠵᠠᠩᠰᠢᠯ ᠢ ᠪᠡᠶᠡᠴᠢᠯᠡᠨ ᠤᠶᠢᠯᠠᠭᠠᠭᠤᠯᠵᠤ ᠤᠯᠠᠮᠵᠢᠯᠠᠨ ᠵᠠᠯᠭᠠᠮᠵᠢᠯᠠᠭᠤᠯᠬᠤ ᠠᠵᠢᠯᠯᠠᠭ᠎ᠠ ᠶᠢ ᠦᠷᠨᠢᠬᠦᠯᠪᠡ᠃      ᠲᠤᠰ ᠤᠳᠠᠭᠠᠨ ᠤ ᠠᠵᠢᠯᠯᠠᠭᠠᠨ ᠳᠡᠭᠡᠷ᠎ᠡ ᠳᠤᠭᠤᠶᠢᠯᠠᠩ ᠨᠡᠶᠢᠭᠡᠮ ᠲᠣᠭᠤᠷᠢᠭ ᠠᠴᠠ ᠲᠤᠰᠬᠠᠶᠢᠯᠠᠨ ᠪᠣᠳᠠᠰ ᠤᠨ ᠪᠤᠰᠤ ᠰᠣᠶᠣᠯ ᠤᠨ ᠥᠪᠯᠡᠨ ᠤᠯᠠᠮᠵᠢᠯᠠᠭᠴᠢ ᠪᠣᠯᠣᠨ ᠠᠷᠠᠳ ᠤᠨ ᠪᠠᠭᠰᠢ ᠶᠢ ᠤᠷᠢᠵᠤ ᠬᠡᠦᠬᠡᠳ ᠪᠠᠭᠠᠴᠤᠳ ᠲᠤ ᠬᠦᠬᠦᠷ ᠬᠠᠳᠠᠭ ᠲᠠᠲᠠᠵᠤ ᠰᠤᠯᠢᠯᠴᠠᠬᠤ ᠶᠤᠰᠤ᠂ ᠭᠠᠯ ᠲᠠᠬᠢᠬᠤ ᠶᠣᠰᠣᠨ ᠤ ᠵᠠᠩ ᠦᠢᠯᠡ ᠵᠡᠷᠭᠡ ᠶᠢ ᠨᠠᠷᠢᠨ ᠲᠣᠳᠣᠷᠬᠠᠢ ᠲᠠᠶᠢᠯᠪᠤᠷᠢᠯᠠᠨ ᠥᠭᠭᠦᠭᠰᠡᠨ ᠤ ᠬᠠᠮᠲᠤ ᠲᠤᠬᠠᠢ ᠶᠢᠨ ᠲᠠᠯᠠᠪᠠᠢ ᠳᠤ ᠠᠬᠠᠮᠠᠳ ᠲᠣᠮᠣᠭᠠᠲᠠᠨ ᠲᠠᠢ ᠬᠦᠬᠦᠷ ᠬᠠᠳᠠᠭ ᠪᠠᠷᠢᠨ ᠮᠡᠨᠳᠦᠴᠢᠯᠡᠨ ᠵᠣᠯᠭᠠᠭᠤᠯᠵᠤ ᠪᠡᠶᠡᠴᠢᠯᠡᠨ ᠣᠶᠢᠯᠠᠭᠠᠭᠤᠯᠤᠯ᠎ᠠ᠃      ᠮᠣᠩᠭᠤᠯᠴᠤᠳ ᠪᠣᠯ ᠠᠯᠢ ᠣᠯᠠᠨ ᠰᠢᠯᠢᠳᠡᠭ ᠶᠣᠰᠣ ᠵᠠᠩᠰᠢᠯ ᠲᠠᠢ ᠰᠣᠶᠣᠯᠴᠢ ᠦᠨᠳᠦᠰᠦᠲᠡᠨ ᠪᠢᠯᠡ᠃ ᠭᠡᠪᠡᠴᠦ ᠬᠤᠲᠠᠴᠢᠯᠠᠯᠲᠠ᠂ ᠨᠡᠶᠢᠭᠡᠮ ᠤᠨ ᠤᠷᠤᠰᠬᠠᠯ ᠢ ᠲᠠᠭᠠᠨ ᠵᠠᠯᠠᠭᠤ ᠨᠢᠭᠡ ᠦᠶ᠎ᠡ ᠶᠢᠨ ᠬᠢᠨ ᠤ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠᠯᠠᠷᠬᠠᠢ ᠪᠣᠯᠵᠤ ᠪᠠᠶᠢᠭ᠎ᠠ ᠨᠢ ᠮᠠᠰᠢ ᠬᠠᠷᠠᠮᠰᠠᠯᠲᠠᠢ ᠪᠢᠯᠡ᠃ ᠶᠠᠭ ᠡᠨᠡᠬᠦ ᠪᠠᠶᠢᠳᠠᠯ ᠳᠤ ᠬᠠᠨᠳᠤᠭᠤᠯᠤᠨ ᠮᠠᠨ ᠤ ᠬᠤᠰᠢᠭᠤᠨ ᠤ ᠳᠤᠭᠤᠶᠢᠯᠠᠩ ᠨᠡᠶᠢᠭᠡᠮ ᠲᠣᠭᠤᠷᠢᠭ ᠠᠴᠠ ︽ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠬᠦᠭᠵᠢᠬᠦᠯᠬᠦ ᠪᠣᠯ ᠰᠠᠶ᠋ᠢ ᠲᠡᠷᠢᠭᠦᠨ ᠴᠢᠬᠤᠯᠠ ᠡᠭᠦᠷᠭᠡ ᠮᠦᠨ︾ ᠬᠡᠮᠡᠬᠦ ᠡᠨᠡᠬᠦ ᠠᠵᠢᠯᠯᠠᠭ᠎ᠠ ᠶᠢ ᠥᠷᠨᠢᠭᠦᠯᠦᠭᠰᠡᠨ ᠪᠠᠶᠢᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号