ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠱᠦᠵᠢ ᠡᠷᠳᠡᠨᠢᠪᠢᠯᠢᠭ | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠤᠤ ᠹᠸᠢ ᠯᠦ | ᠨᠠᠶᠢᠵᠠ ᠨᠥᠬᠦᠳ ᠨᠠᠷ ᠡ᠄ | ᠡᠷᠡᠮᠡᠬᠡᠶᠢᠯᠡᠨ ᠳᠠᠪᠰᠢᠭᠰᠠᠨ 2019 ᠣᠨ ᠢᠶᠠᠨ ᠦᠳᠡᠵᠦ᠂ ᠬᠦᠰᠡᠯ ᠡᠷᠡᠮᠡᠯᠵᠡᠯ ᠢᠶᠠᠷ ᠪᠢᠯᠬᠠᠭᠰᠠᠨ 2020 | ᠣᠨ ᠢᠶᠠᠨ ᠤᠭᠲᠤᠨ ᠠᠪᠴᠢᠷᠠᠯ᠎ᠠ᠃ ᠡᠨᠡᠬᠦ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ | ᠪᠠᠶᠠᠷᠳᠣ ᠮᠥᠴᠡ ᠳᠤ᠂ ᠪᠢᠳᠡ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠥᠯᠦᠭᠡᠯᠡᠨ ᠪᠦᠭᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ᠂ ᠬᠤᠰᠢᠭᠤᠨ ᠳᠤ ᠰᠠᠭᠤᠭ᠎ᠠ | ᠴᠡᠷᠢᠭ ᠠᠩᠭᠢ ᠶᠢᠨ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠡᠷᠦᠬᠡ ᠶᠢᠨ | ᠴᠡᠷᠢᠭ ᠤᠨ ᠪᠡᠯᠡᠳᠬᠡᠯ ᠠᠯᠪᠠᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠤᠨᠲᠠᠷᠠᠭᠠᠬᠤ | ᠠᠪᠤᠷᠠᠨ ᠲᠤᠰᠠᠯᠠᠬᠤ ᠴᠡᠷᠢᠭ ᠠᠩᠬᠢ᠂ ᠦᠦᠰᠢᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ | ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠮᠡᠨᠳᠦᠴᠢᠯᠡᠯ ᠪᠠ ᠰᠢᠨ᠎ᠡ ᠵᠢᠯ ᠤᠨ ᠢᠷᠦᠭᠡᠯ | ᠵᠥᠩᠨᠡᠯ ᠢᠶᠠᠨ ᠳᠡᠪᠰᠢᠭᠦᠯᠣᠶᠠ︕ | 2019 ᠣᠨ ᠪᠣᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠠᠪᠣᠴᠠ | ᠳᠠᠬᠢ ᠳᠣᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠦᠪᠥᠷ ᠮᠣᠩᠭᠤᠯ ᠤᠨ ᠠᠵᠢᠯ ᠤᠨ | ᠳᠣᠬᠠᠢ ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ | ᠲᠤᠭᠤᠰᠢᠯᠠᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠶᠯᠡᠰ ᠴᠦᠮ ᠪᠠᠶᠠᠷᠯᠠᠭᠤᠰᠢᠲᠠᠶ ᠠᠮᠵᠢᠯᠲᠠ | ᠣᠯᠪᠠ᠃ | 2019 ᠣᠨ ᠳᠤ᠂ ᠪᠢᠳᠡ ᠵᠥᠪ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠨ᠂ ᠨᠠᠮ ᠤᠨ ᠰᠢᠨ᠎ᠡ ᠶᠢ | ᠡᠬᠦᠳᠬᠦ ᠤᠨᠤᠯ ᠢᠶᠠᠷ ᠤᠶᠤᠨ ᠤᠬᠠᠭᠠᠨ ᠢᠶᠠᠨ ᠵᠡᠪᠰᠡᠭᠯᠡᠵᠦ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠣᠨ ︽ | ᠭᠤᠷᠪᠠᠨ ᠱᠠᠲᠤᠨ ᠤ ᠱᠦᠵᠢ︾ ᠶᠢᠨ ᠤᠨᠤᠯ ᠰᠤᠷᠤᠯᠴᠠᠬᠤ᠂ ᠬᠦᠭᠵᠢᠯᠳᠡ ᠶᠢ ᠰᠡᠳᠦᠬᠦ᠂ ᠵᠥᠷᠢᠶ᠎ᠡ ᠪᠠᠨ ᠡᠷᠢᠬᠦ᠂ | ᠠᠰᠠᠭᠤᠳᠠᠯ ᠢ ᠰᠢᠢᠳᠪᠣᠷᠢᠯᠡᠬᠦ ᠪᠠ ︽ᠣᠯᠠᠨ ᠲᠦᠮᠡᠨ ᠤ ᠳᠣᠮᠳᠠ ᠬᠦᠨᠵᠡᠬᠡᠶᠢᠷᠡᠨ ᠣᠯᠠᠭᠠᠨᠮᠦ᠋ᠴᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠬᠤ︾ ᠵᠡᠷᠭᠡ ᠤᠨᠤᠯ ᠤᠨ ᠰᠤᠷᠤᠯᠴᠠᠯᠭ᠎ᠠ ᠪᠠ ᠠᠬᠤᠢ ᠳᠠᠯᠠᠪᠠᠢ ᠶᠢᠨ ᠰᠤᠳᠤᠯᠤᠨ | ᠰᠤᠷᠤᠯᠴᠠᠬᠤ ᠰᠢᠷᠢᠰ ᠠᠵᠢᠯᠯᠠᠭ᠎ᠠ ᠶᠢ ᠥᠷᠨᠢᠭᠦᠯᠪᠠ᠃ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠳᠣ ᠶᠢᠨ | ᠴᠢᠷᠮᠠᠶᠢᠯᠭ᠎ᠠ ᠪᠠᠷ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠳᠠᠪᠠᠭᠤᠯᠢᠭ ᠣᠨᠴᠠᠯᠢᠭ ᠢ | ᠢᠯᠡᠷᠡᠭᠦᠯᠦᠭᠰᠡᠨ᠂ ᠠᠮᠢ ᠠᠬᠤᠶ ᠶᠢ ᠳᠡᠷᠢᠬᠦᠨ ᠳᠤ ᠳᠠᠯᠪᠢᠨ᠂ ᠪᠣᠬᠢᠷᠳᠣᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠵᠠᠮ ᠢ ᠰᠦᠪᠡᠭᠴᠢᠯᠡᠨ ᠨᠡᠭᠡᠭᠡᠪᠡ᠃ | 2019 ᠣᠨ ᠳᠤ᠂ ᠪᠢᠳᠡ ᠬᠥᠭᠵᠢᠯᠲᠡ ᠶᠢ ᠨᠠᠮ ᠤᠨ ᠦᠨᠳᠦᠰᠦᠨ ᠱᠤᠭᠤᠮ ᠢ ᠳᠣᠭᠤᠰᠢᠯᠠᠭᠤᠯᠬᠤ ᠪᠠ | ᠨᠡᠶᠢᠭᠡᠮ ᠤᠨ ᠭᠤᠤᠯ ᠵᠥᠷᠢᠴᠡᠯ ᠢ ᠰᠢᠶᠳᠪᠦᠷᠢᠯᠡᠬᠦ ᠤᠯᠤᠰ ᠲᠥᠷᠦ ᠶᠢᠨ ᠱᠠᠭᠠᠷᠳᠠᠯᠭ᠎ᠠ ᠪᠠ ᠳᠣᠲᠣᠭᠠᠳᠤ ᠬᠡᠷᠡᠭᠴᠡᠭᠡ | ᠪᠠᠨ ᠪᠣᠯᠭᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠶᠯᠡᠳᠦᠯᠭᠡᠵᠢᠭᠦᠯᠣᠭ᠍ᠰᠡᠨ ᠠᠴᠠ᠂ ᠭᠠᠵᠠᠷ ᠣᠷᠣᠨ | ᠤ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠠᠰᠠᠭᠤᠳᠠᠯ ᠤᠳ ᠢ ᠰᠢᠶᠳᠪᠦᠷᠢᠯᠡᠵᠦ᠂ ᠬᠤᠯᠪᠣᠭᠠᠯᠵᠢ ᠠᠴᠠ ᠵᠢᠶ ᠠᠨ | ᠬᠦᠷᠬᠦ ᠲᠡᠮᠦᠷ ᠵᠠᠮ᠂ G338 ᠵᠠᠰᠠᠮᠠᠯ ᠵᠠᠮ ᠬᠡᠷᠡᠭᠯᠡᠯᠳᠡ ᠳᠤ ᠣᠷᠣᠵᠦ᠂ ᠦᠦᠰᠢᠨ ᠠᠴᠠ ᠪᠤᠭᠤᠲᠤ ᠬᠦᠷᠬᠦ | ᠠᠶᠠᠨᠴᠢᠳ ᠤᠨ ᠭᠠᠯᠲᠤ ᠳᠡᠷᠭᠡ ᠨᠡᠪᠳᠡᠷᠡᠬᠦ ᠪᠠᠷ ᠪᠡᠯᠡᠬᠡᠨ ᠪᠣᠯᠪᠠ᠃ 7 ᠰᠠᠭᠤᠷᠢ ᠨᠡᠭᠦᠷᠡᠰᠦᠨ ᠠᠭᠤᠷᠬᠠᠶ ᠶᠢ ᠬᠢᠨᠠᠨ | ᠵᠥᠪᠰᠢᠶᠡᠷᠡᠨ᠂ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ ᠶᠢᠨ ᠨᠡᠮᠡᠭᠳᠡᠯ ᠢᠶᠠᠷ ᠪᠦᠬᠦ ᠬᠤᠲᠠ ᠶᠢᠨ | ᠡᠮᠦᠨ᠎ᠡ ᠡᠩᠨᠡᠭᠡᠨ ᠳᠤ ᠣᠷᠣᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠤᠯᠤᠰ ᠤᠨ ᠪᠠᠷᠠᠭᠤᠨ ᠤᠷᠤᠨ ᠤ | ᠵᠠᠭᠤᠨ ᠬᠦᠴᠦᠷᠬᠡᠭ ᠬᠤᠰᠢᠭᠤ ᠰᠢᠶᠠᠨ ᠤ 21 ᠳ᠋ᠦ᠋ᠭᠡᠷ ᠲᠤ ᠪᠠᠶᠢᠷᠢᠯᠠᠵᠦ᠂ ᠪᠣᠬᠢᠷᠳᠣᠯ ᠦᠭᠡᠢ ᠮᠠᠯ ᠠᠵᠣ ᠠᠬᠤᠢ | ᠳᠠᠷᠢᠶᠠᠯᠠᠩ ᠢᠶᠠᠷ ᠰᠠᠭᠤᠷᠢᠯᠠᠨ᠂ ᠰᠢᠨ᠎ᠡ ᠮᠠᠲ᠋ᠧᠷᠢᠶᠠᠯ ᠪᠠ ᠡᠨᠧᠷᠬᠢ ᠪᠠᠷ ᠣᠳᠣᠷᠢᠳᠣᠮᠵᠢ ᠪᠣᠯᠭᠠᠭᠰᠠᠨ᠂ ᠰᠣᠶᠣᠯ | ᠵᠢᠭᠤᠯᠴᠢᠯᠠᠯ ᠪᠠ ᠪᠣᠳᠠᠰ ᠤᠨ ᠬᠦᠢᠯᠭᠡᠭᠡ ᠪᠠᠷ ᠳᠣᠯᠭᠠᠭᠤᠷᠢ ᠪᠣᠯᠭᠠᠭᠰᠠᠨ ᠭᠤᠷᠪᠠᠨ ᠠᠵᠤ ᠦᠢᠯᠡᠰ ᠤᠨ ᠬᠠᠷᠢᠯᠴᠠᠨ | ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠪᠤᠢ ᠪᠣᠯᠭᠠᠪᠠ᠃ | 2019 ᠣᠨ ᠳᠤ᠂ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠣᠶᠢᠯᠡᠳᠣᠯᠭᠡᠵᠢᠬᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠳᠠ᠂ ᠨᠡᠶᠢᠭᠡᠮ ᠤᠨ ᠪᠠᠲᠤᠯᠠᠭ᠎ᠠ᠂ | ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠲᠦᠮᠡᠨ ᠤ ᠬᠠᠮᠤᠭ ᠠᠴᠠ ᠠᠩᠬᠠᠷᠴᠣ ᠪᠠᠶᠢᠭ᠎ᠠ | ᠠᠰᠠᠭᠤᠳᠠᠯ ᠢ ᠨᠢᠭᠡᠳᠣᠯᠳᠡᠢ ᠰᠢᠢᠳᠪᠣᠷᠢᠯᠡᠵᠦ᠂ ᠭᠤᠷᠪᠠᠨ ᠶᠡᠭᠡ ᠪᠡᠷᠬᠡ ᠰᠡᠳᠣᠪ ᠢ ᠰᠢᠢᠳᠪᠣᠷᠢᠯᠡᠬᠦ ᠪᠠ ᠪᠣᠯᠪᠠᠰᠤᠨ | ᠬᠤᠲᠠ ᠶᠢ ᠡᠬᠦᠳᠦᠨ ᠪᠠᠶᠢᠭᠤᠯᠬᠤ ᠠᠵᠢᠯ ᠨᠢ ᠴᠦᠮ ᠣᠷᠣᠭᠰᠢᠳᠠᠢ ᠪᠠᠶᠢᠵᠦ᠂ ᠪᠦᠬᠦ ᠤᠯᠤᠰ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠢ ᠣᠶᠢᠯᠡᠳᠣᠯᠭᠡᠵᠢᠬᠦᠯᠬᠦ ᠲᠤᠷᠰᠢᠯᠲᠠ ᠶᠢᠨ ᠴᠡᠭ ᠢᠶᠠᠷ ᠳᠣᠭᠳᠠᠭᠠᠭᠳᠠᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠡᠷᠴᠢᠮᠲᠠᠢ ᠦᠷᠨᠢᠬᠦᠯᠵᠤ᠂ ᠪᠦᠬᠦ ᠬᠤᠰᠢᠭᠤᠨ ᠤ ᠠᠶᠤᠯᠭᠦᠢ | ᠦᠢᠯᠡᠳᠪᠦᠷᠢᠯᠡᠯ᠂ ᠣᠯᠠᠨ ᠨᠡᠶᠢᠲᠡ ᠶᠢᠨ ᠠᠮᠤᠷ ᠲᠦᠪᠰᠢᠨ᠂ ᠢᠳᠡᠭᠡᠨ ᠣᠮᠳᠠᠭᠠᠨ ᠪᠠ ᠡᠮ ᠤᠨ ᠵᠣᠶᠢᠯᠡᠰ ᠤᠨ | ᠠᠮᠤᠷ ᠲᠦᠪᠰᠢᠨ ᠤ ᠶᠡᠷᠦᠩᠬᠡᠢ ᠪᠠᠶᠢᠳᠠᠯ ᠤᠨ ᠳᠣᠭᠳᠠᠭᠤᠨ ᠢ ᠪᠠᠳᠣᠯᠠᠪᠠ᠃ | 2019 ᠣᠨ ᠳᠤ᠂ ᠪᠢᠳᠡ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠣᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ | ᠭᠤᠶᠢᠪᠢᠰᠢ ᠦᠭᠡᠢ ᠠᠬᠢᠭᠤᠯᠵᠤ᠂ ︽ᠦᠨᠳᠦᠰᠦᠨ ᠱᠠᠳᠣᠨ ᠤ ᠠᠵᠢᠯ ᠢ ᠴᠢᠩᠭ᠎ᠠ ᠠᠳᠬᠤᠬᠤ︾ ᠢᠯᠠ ᠲᠣᠳᠣ | ᠤᠳᠤᠷᠢᠳᠤᠮᠵᠢ ᠶᠢ ᠪᠣᠶ ᠪᠣᠯᠭᠠᠵᠤ᠂ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠠᠵᠢᠯ ᠪᠠ ᠦᠨᠳᠦᠰᠦᠨ | ᠱᠠᠲᠤᠨ ᠠᠴᠠ ᠺᠠᠳ᠋ᠷ ᠢ ᠬᠥᠮᠦᠵᠢᠭᠦᠯᠦᠨ ᠳᠡᠪᠰᠢᠭᠦᠯᠬᠦ ᠪᠠ ᠬᠡᠷᠡᠭᠯᠡᠬᠦ ᠶᠢ ᠴᠢᠬᠤᠯᠠᠴᠢᠯᠠᠵᠦ᠂ ︽ᠨᠠᠮ ᠤᠨ | ᠪᠠᠶᠢᠭᠤᠯᠤᠯᠲᠠ ᠪᠠᠷ ᠵᠠᠮᠴᠢᠯᠠᠭᠤᠯᠵᠦ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ︾ ᠶᠢ | ᠳᠣᠪᠣᠶᠢᠯᠭᠠᠵᠦ᠂ ︽ᠮᠢᠩᠭ᠎ᠠ ᠲᠦᠮᠡᠨ ᠬᠤᠰᠢᠭᠤᠴᠢ ᠪᠠᠷ ᠳᠠᠶᠢᠴᠢᠯᠠᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ︽ | ᠨᠠᠮ ᠤᠨ ᠶᠡᠭᠡ ᠪᠠᠶᠢᠭᠤᠯᠤᠯᠲᠠ︾ ᠪᠠᠷ ︽ᠶᠡᠭᠡ ᠠᠭᠤᠰᠤᠯᠴᠠᠯ︾ ᠢ ᠠᠬᠢᠭᠤᠯᠵᠤ᠂ ︽ᠶᠡᠭᠡ ᠬᠥᠭᠵᠢᠯᠲᠡ︾ ᠶᠢ | ᠳᠠᠶᠢᠴᠢᠯᠠᠬᠤ ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠪᠡ᠃ | ᠡᠳᠡᠭᠡᠷ ᠠᠮᠵᠢᠯᠳᠠ ᠨᠢ᠂ ᠳᠡᠭᠡᠳᠥ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠪᠣᠯᠣᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠬᠦᠴᠦ ᠪᠠᠨ | ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠦᠴᠢᠷ ᠪᠡᠷᠬᠡ ᠶᠢ ᠢᠯᠠᠨ ᠳᠠᠪᠠᠭᠰᠠᠨ ᠤ ᠦᠷ᠎ᠡ ᠳ᠋ᠦᠩ ᠮᠥᠨ᠃ | ᠠᠳᠡ ᠪᠦᠬᠦ ᠬᠤᠰᠢᠭᠤᠨ ᠤ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠣ ᠬᠦᠨᠳᠦᠳᠬᠡᠯ ᠢᠶᠠᠨ ᠳᠡᠪᠰᠢᠭᠦᠯᠦᠶ᠎ᠡ︕ | ᠨᠠᠶᠢᠵᠠ ᠨᠥᠬᠦᠳ ᠨᠠᠷ᠂ 2020 ᠣᠨ ᠳᠤ ᠮᠠᠨ ᠤ ᠬᠤᠰᠢᠭᠤ ᠪᠦᠬᠦ ᠤᠯᠤᠰ ᠲᠠᠢ ᠵᠡᠷᠭᠡᠪᠡᠷ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠣᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠨ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠡᠰᠪᠣᠷᠢ ᠬᠠᠲᠠᠭᠤᠵᠢᠯᠲᠠᠶ ᠲᠡᠮᠡᠴᠡᠨ᠂ ᠴᠣᠴᠠᠯᠳᠠ ᠦᠭᠡᠢ | ᠣᠷᠣᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠶᠢ ᠪᠠᠲᠤᠯᠠᠵᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ | ᠪᠢᠴᠢᠭᠯᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ ᠳᠤ ᠨᠠᠩ ᠶᠡᠭᠡ ᠬᠤᠪᠢ ᠨᠡᠮᠡᠷᠢ ᠪᠠᠨ ᠦᠵᠡᠭᠦᠯᠦᠶ᠎ᠡ᠃ | ᠲᠦᠷᠦ ᠬᠦᠷᠦᠨ ᠲᠦᠪᠰᠢᠨ ᠠᠮᠣᠭᠤᠯᠠᠩ᠂ ᠪᠠᠶᠠᠨ ᠬᠦᠴᠦᠷᠬᠡᠭ ᠪᠠᠶᠢᠭᠠᠰᠠᠢ︕ | ᠲᠦᠮᠡᠨ ᠠᠷᠠᠳ ᠠᠮᠣᠷ ᠠᠮᠣᠭᠤᠯᠠᠩ᠂ ᠵᠣᠯ ᠵᠢᠷᠭᠠᠯ ᠲᠠᠢ ᠪᠠᠶᠢᠭᠠᠰᠠᠢ︕ |