2020 ᠤᠨ ᠤ 1 ᠰᠠᠷ᠎ᠠ ᠶᠢᠨ 1 ᠤ ᠡᠳᠦᠷ ᠭᠡᠪᠯᠡᠭᠳᠡᠭᠰᠡᠨ ᠡᠨᠡ ᠵᠢᠯ ᠤᠨ ᠨᠢᠭᠡᠳᠦᠭᠡᠷ ᠬᠤᠭᠤᠴᠠᠭᠠᠨ ᠤ | ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ︽ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠵᠦ ᠤᠯᠤᠰ ᠤᠨ ᠵᠠᠰᠠᠯᠳᠠ ᠶᠢᠨ ᠰᠢᠰᠲ᠋ᠧᠮ ᠪᠠ | ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠤᠶ᠎ᠠ︾ ᠭᠡᠬᠦ ᠴᠢᠬᠤᠯᠠ ᠵᠤᠬᠢᠶᠠᠯ ᠢ ᠨᠡᠶᠢᠳᠡᠯᠡᠪᠡ᠃ | ᠵᠤᠬᠢᠶᠠᠯ ᠳᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ | ᠳᠡᠬᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ | ᠠᠬᠢᠭᠤᠯᠬᠤ ᠪᠤᠯ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠨ ᠴᠡᠴᠡᠭᠯᠡᠬᠦ᠂ ᠤᠯᠤᠰ ᠤᠨ ᠤᠷᠳᠤ | ᠤᠳᠠᠭᠠᠨ ᠤ ᠠᠮᠤᠷ ᠲᠤᠭᠳᠠᠭᠤᠨ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠤᠭᠳᠠᠬᠤ ᠴᠢᠬᠤᠯᠠ ᠶᠡᠭᠡ | ᠠᠰᠠᠭᠤᠳᠠᠯ ᠮᠦᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠠ | ᠬᠤᠷᠠᠯ ᠠᠴᠠ ᠪᠠᠳᠤᠯᠠᠬᠰᠠᠨ ᠲᠤᠭᠳᠠᠭᠠᠯ ᠨᠢ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ | ᠵᠠᠰᠠᠯᠳᠠ ᠶᠢᠨ ᠰᠢᠰᠲ᠋ᠧᠮ ᠤᠨ ᠲᠠᠯ᠎ᠠ ᠪᠠᠷ ᠶᠠᠭᠤ ᠶᠢ ᠪᠠᠷᠢᠮᠳᠠᠯᠠᠨ ᠪᠠᠬᠢᠵᠢᠬᠦᠯᠬᠦ᠂ ᠶᠠᠭᠤ ᠶᠢ ᠳᠡᠬᠦᠯᠳᠡᠷᠵᠢᠬᠦᠯᠦᠨ | ᠬᠦᠭᠵᠢᠬᠦᠯᠬᠦ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠢ ᠪᠦᠬᠦ ᠲᠠᠯ᠎ᠠ ᠪᠠᠷ ᠬᠠᠷᠢᠭᠤᠯᠪᠠ᠂ ᠡᠨᠡ | ᠪᠤᠯ ᠮᠠᠷᠺᠰ ᠤᠨ ᠦᠵᠡᠯ ᠤᠨ ᠬᠦᠳᠦᠯᠪᠦᠷᠢ ᠶᠢᠨ ᠴᠢᠨᠠᠷᠳᠠᠢ ᠲᠤᠯᠭᠤᠷ ᠪᠢᠴᠢᠭ᠂ ᠪᠠᠰᠠ ᠴᠦ ᠮᠠᠷᠺᠰ ᠤᠨ ᠦᠵᠡᠯ ᠤᠨ | ᠤᠯᠤᠰ ᠲᠦᠷᠦ ᠶᠢᠨ ᠲᠤᠩᠬᠠᠭ ᠮᠦᠨ᠃ ᠪᠦᠬᠦ ᠨᠠᠮ ᠢᠶᠠᠷ ᠢᠶᠠᠨ ᠦᠵᠡᠯ ᠰᠠᠨᠠᠭ᠎ᠠ ᠪᠠ ᠠᠵᠢᠯᠯᠠᠭ᠎ᠠ ᠪᠠᠨ ᠪᠦᠬᠦᠳᠠ | ᠬᠤᠷᠠᠯ ᠤᠨ ᠵᠤᠷᠢᠭ ᠰᠠᠨᠠᠭ᠎ᠠ ᠳᠡᠭᠡᠷ᠎ᠠ ᠨᠢᠭᠡᠳᠭᠡᠵᠦ᠂ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠪᠠᠷ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠨ ᠰᠠᠶᠢᠳᠤᠷ ᠠᠳᠬᠤᠵᠦ ᠪᠤᠳᠠᠳᠠᠢ | ᠠᠳᠬᠤᠬᠤ ᠭᠡᠷᠡᠭᠲᠡᠢ ᠭᠡᠵᠦ ᠴᠢᠬᠤᠯᠠᠴᠢᠯᠠᠪᠠ᠃ | ᠵᠤᠬᠢᠶᠠᠯ ᠳᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠤᠨ ᠢᠳᠡᠭᠡᠯ ᠢ | ᠪᠠᠳᠤᠳᠬᠠᠬᠤ ᠬᠡᠷᠡᠭᠳᠠᠢ᠃ ᠪᠠᠶᠢᠭᠤᠯᠤᠯ ᠤᠨ ᠳᠠᠪᠠᠭᠤᠯᠢᠭ ᠪᠤᠯ ᠨᠢᠭᠡ ᠤᠯᠤᠰ ᠤᠨ ᠬᠠᠮᠤᠭ ᠤᠨ ᠶᠡᠭᠡ ᠳᠠᠪᠠᠭᠤᠯᠢᠭ | ᠮᠦᠨ᠂ ᠪᠠᠶᠢᠭᠤᠯᠤᠯ ᠤᠨ ᠦᠷᠢᠰᠦᠯᠳᠦᠭᠡᠨ ᠪᠤᠯ ᠤᠯᠤᠰ ᠤᠳ ᠤᠨ ᠬᠤᠭᠤᠷᠤᠨᠳᠤᠬᠢ ᠬᠠᠮᠤᠭ ᠤᠨ ᠦᠨᠳᠦᠰᠦᠨ | ᠦᠷᠢᠰᠦᠯᠳᠦᠭᠡᠨ ᠮᠦᠨ᠃ ᠪᠠᠶᠢᠭᠤᠯᠤᠯ ᠲᠤᠭᠳᠠᠭᠤᠨ ᠪᠤᠯ ᠤᠯᠤᠰ ᠲᠤᠭᠳᠠᠭᠤᠨ᠃ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠪᠤᠯ ᠭᠦᠨ | ᠵᠤᠵᠠᠭᠠᠨ ᠲᠡᠤᠬᠡᠨ ᠠᠭᠤᠯᠤᠭᠳᠠᠬᠤᠨ ᠲᠠᠢ᠂ ᠤᠯᠠᠨ ᠲᠠᠯ᠎ᠠ ᠶᠢᠨ ᠢᠯᠡᠷᠬᠡᠢ ᠳᠠᠪᠠᠭᠤᠯᠢᠭ ᠲᠠᠢ᠂ ᠡᠯᠪᠡᠭ ᠪᠠᠶᠠᠯᠢᠭ | ᠦᠢᠯᠡᠳᠦᠯᠭᠡ ᠶᠢᠨ ᠦᠷ᠎ᠠ ᠪᠦᠲᠦᠭᠡᠯ ᠲᠠᠢ ᠶᠤᠮ᠃ ᠪᠦᠬᠦ ᠨᠠᠮ ᠤᠨ ᠨᠦᠭᠦᠳ ᠢᠯᠠᠩᠭᠤᠶ᠎ᠠ ᠡᠯ᠎ᠠ ᠱᠠᠳᠤᠨ ᠤ | ᠤᠳᠤᠷᠢᠳᠬᠤ ᠺᠠᠳ᠋ᠷ ᠶᠠᠮᠠᠷᠪᠠ ᠴᠠᠭ ᠦᠶ᠎ᠠ ᠶᠠᠮᠠᠷᠪᠠ ᠪᠠᠶᠢᠳᠠᠯ ᠳᠤᠤᠷ᠎ᠠ ᠴᠤ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠵᠠᠮ ᠤᠨ ᠢᠳᠡᠭᠡᠯ᠂ ᠤᠨᠤᠯ ᠤᠨ ᠢᠳᠡᠭᠡᠯ᠂ ᠪᠠᠶᠢᠭᠤᠯᠤᠯ ᠤᠨ ᠢᠳᠡᠭᠡᠯ᠂ ᠰᠤᠶᠤᠯ ᠤᠨ | ᠢᠳᠡᠭᠡᠯ ᠢᠶᠠᠨ ᠪᠠᠳᠤᠳᠬᠠᠵᠤ᠂ ︽ᠬᠡᠳᠦᠢ ᠬᠦᠴᠢᠷ ᠪᠡᠷᠬᠡ ᠲᠠᠢ ᠪᠠᠶᠢᠭᠰᠠᠠ ᠴᠤ ᠰᠢᠨᠲᠠᠰᠦ ᠡᠷᠴᠢᠯᠡᠨ ᠬᠠᠲᠠᠭᠤᠵᠢᠨ | ᠲᠠᠪᠲᠠᠵᠤ᠂ ᠬᠡᠴᠢᠨᠠᠨ ᠰᠢᠷᠦᠭᠦᠨ ᠰᠠᠯᠬᠢ ᠪᠤᠷᠤᠭᠠᠨ ᠢ ᠴᠤ ᠲᠡᠰᠪᠦᠷᠢᠯᠡᠨ ᠳᠠᠭᠠᠭᠠᠬᠤ︾ ᠶᠢ ᠦᠨᠡᠨ ᠬᠦ ᠪᠡᠶᠡᠯᠡᠬᠦᠯᠬᠦ | ᠬᠡᠷᠡᠭᠳᠠᠢ ᠭᠡᠵᠤ ᠵᠢᠭᠠᠵᠤ ᠭᠠᠷᠭᠠᠵᠠᠢ᠃ | ᠵᠤᠬᠢᠶᠠᠯ ᠳᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ 3 | ᠶᠠᠪᠤᠳᠠᠯ ᠢ ᠰᠠᠶᠢᠳᠤᠷ ᠠᠳᠬᠤᠬᠤ ᠬᠡᠷᠡᠭᠳᠠᠢ᠃ ᠨᠢᠭᠡᠳᠦᠭᠡᠷ ᠲᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠢ ᠡᠷᠡᠰ ᠭᠤᠶᠢᠪᠢᠰᠢ ᠦᠭᠡᠢ ᠪᠠᠷᠢᠮᠳᠠᠯᠠᠨ ᠪᠠᠬᠢᠵᠢᠭᠦᠯᠬᠦ ᠬᠡᠷᠡᠭᠳᠠᠢ᠃ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠤᠯ ᠴᠢᠩᠭ᠎ᠠ ᠨᠢᠭᠳᠠ ᠪᠦᠷᠢᠨ ᠪᠦᠳᠦᠨ ᠰᠢᠨᠵᠢᠯᠡᠬᠦ ᠤᠬᠠᠭᠠᠨᠴᠢ | ᠪᠠᠶᠢᠭᠤᠯᠤᠯ ᠤᠨ ᠰᠢᠰᠲ᠋ᠧᠮ ᠪᠤᠯᠤᠨ᠎ᠠ᠂ ᠨᠢᠷᠤᠭᠤ ᠲᠤᠯᠭᠠᠭᠤᠷᠢ ᠶᠢᠨ ᠦᠢᠯᠡᠳᠦᠯ ᠢ ᠦᠵᠡᠭᠦᠯᠵᠤ ᠪᠠᠶᠢᠭ᠎ᠠ ᠨᠢ | ᠦᠨᠳᠦᠰᠦᠨ ᠳᠦᠷᠢᠮ᠂ ᠰᠠᠭᠤᠷᠢ ᠳᠦᠷᠢᠮ᠂ ᠴᠢᠬᠤᠯᠠ ᠳᠦᠷᠢᠮ ᠪᠤᠯᠤᠨ᠎ᠠ᠂ ᠡᠭᠦᠨ ᠳᠤ ᠵᠠᠬᠢᠷᠬᠤ ᠪᠠᠶᠢᠷᠢ | ᠰᠠᠭᠤᠷᠢ ᠲᠠᠢ ᠨᠢ ᠨᠠᠮ ᠤᠨ ᠤᠳᠤᠷᠢᠳᠬᠤ ᠳᠦᠷᠢᠮ ᠪᠤᠯᠤᠨ᠎ᠠ᠃ ᠨᠠᠮ ᠤᠨ ᠤᠳᠤᠷᠢᠳᠬᠤ ᠳᠦᠷᠢᠮ ᠪᠤᠯ ᠮᠠᠨ ᠤ | ᠤᠯᠤᠰ ᠤᠨ ᠦᠨᠳᠦᠰᠦᠨ ᠤᠳᠤᠷᠢᠳᠬᠤ ᠳᠦᠷᠢᠮ ᠪᠤᠯᠤᠨ᠎ᠠ᠃ ᠪᠢᠳᠡ ᠡᠯ᠎ᠠ ᠲᠠᠯ᠎ᠠ ᠶᠢᠨ ᠳᠦᠷᠢᠮ ᠤᠨ | ᠪᠠᠶᠢᠭᠤᠯᠤᠯᠲᠠ ᠶᠢ ᠠᠬᠢᠭᠤᠯᠵᠤ᠂ ᠡᠯ᠎ᠠ ᠲᠦᠷᠦᠯ ᠤᠨ ᠦᠢᠯᠡᠰ ᠤᠨ ᠬᠦᠭᠵᠢᠯᠲᠡ ᠶᠢ ᠠᠬᠢᠭᠤᠯᠵᠤ᠂ ᠡᠯ᠎ᠠ ᠲᠠᠯ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ᠂ ᠪᠦᠷ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠤᠬᠠᠮᠰᠠᠷ ᠠᠴᠠ ᠪᠠᠨ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠠ ᠲᠠᠯ᠎ᠠ ᠶᠢ ᠵᠤᠬᠢᠴᠠᠭᠤᠯᠬᠤ | ᠦᠨᠳᠦᠰᠦᠨ ᠱᠠᠭᠠᠷᠳᠠᠯᠭ᠎ᠠ ᠶᠢ ᠲᠤᠭᠤᠰᠢᠯᠠᠭᠤᠯᠬᠤ ᠬᠡᠷᠡᠭᠲᠡᠢ᠃ ᠬᠤᠶᠠᠳᠤᠭᠠᠷ ᠲᠤ᠂ ᠴᠠᠭ ᠦᠶ᠎ᠠ ᠶᠢ ᠲᠠᠭᠠᠨ | ᠤᠷᠤᠬᠰᠢᠯᠠᠵᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠪᠤᠯᠤᠨ ᠤᠯᠤᠰ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ᠬᠦᠭᠵᠢᠭᠦᠯᠬᠦ ᠭᠡᠷᠡᠭᠲᠡᠢ᠃ ᠳᠦᠷᠢᠮ ᠨᠡᠩ ᠲᠡᠭᠦᠯᠳᠡᠷᠵᠢᠵᠦ ᠨᠡᠩ | ᠬᠡᠪᠰᠢᠬᠦ ᠪᠤᠯ ᠨᠢᠭᠡᠨ ᠬᠦᠳᠡᠯᠦᠩᠭᠦᠢ ᠶᠠᠪᠤᠴᠠ ᠮᠦᠨ᠂ ᠵᠠᠰᠠᠯᠲᠠ ᠶᠢᠨ ᠰᠢᠰᠲ᠋ᠧᠮ ᠤᠨ ᠤᠳᠤᠬᠢᠴᠢᠯᠠᠯᠲᠠ ᠪᠤᠯ ᠪᠠᠰᠠ | ᠴᠤ ᠨᠢᠭᠡᠨ ᠬᠦᠳᠡᠯᠦᠩᠭᠦᠢ ᠶᠠᠪᠤᠴᠠ ᠪᠤᠯᠤᠨ᠎ᠠ᠂ ᠨᠢᠭᠡ ᠯᠡ ᠠᠮᠢᠰᠬᠤᠭ᠎ᠠ ᠪᠠᠷ ᠪᠡᠶᠡᠯᠡᠬᠦᠯᠦᠭᠡᠳ ᠲᠠᠶᠢᠯᠴᠢᠬᠡᠳᠡᠭ ᠪᠢᠰᠢ | ᠂ ᠪᠠᠰᠠ ᠨᠢᠭᠡ ᠴᠢᠷᠮᠠᠶᠢᠭᠠᠳ ᠨᠢᠭᠡᠮᠤᠰᠤᠨ ᠠᠮᠤᠷ ᠰᠠᠭᠤᠵᠦ ᠪᠤᠯᠬᠤ ᠦᠭᠡᠢ᠃ ᠡᠷᠬᠡᠪᠰᠢ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠢ ᠲᠤᠯᠭᠠᠭᠤᠷᠢᠯᠠᠬᠤ ᠦᠨᠳᠦᠰᠦᠨ ᠳᠦᠷᠢᠮ᠂ ᠰᠠᠭᠤᠷᠢ ᠳᠦᠷᠢᠮ᠂ | ᠴᠢᠬᠤᠯᠠ ᠳᠦᠷᠢᠮ ᠢ ᠳᠤᠪᠤᠶᠢᠮ᠎ᠠ ᠪᠠᠷᠢᠮᠲᠠᠯᠠᠨ ᠲᠡᠭᠦᠯᠳᠡᠷᠵᠢᠭᠦᠯᠵᠦ᠂ ᠰᠠᠭᠤᠷᠢ ᠶᠢ ᠪᠠᠬᠢᠵᠢᠭᠦᠯᠵᠦ᠂ ᠳᠠᠪᠠᠭᠤᠯᠢᠭ ᠢᠶᠠᠨ | ᠪᠠᠳᠠᠷᠠᠭᠤᠯᠬᠤ᠂ ᠳᠤᠲᠠᠭᠤᠳᠠᠯ ᠢᠶᠠᠨ ᠨᠦᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠳᠤ ᠬᠦᠴᠦᠯᠡᠵᠦ᠂ | ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠳᠦᠷᠢᠮᠵᠢᠭᠦᠨ᠂ ᠪᠦᠲᠦᠮᠵᠢᠲᠡᠢ ᠠᠵᠢᠯᠯᠠᠬᠤ ᠲᠦᠷᠢᠮ ᠤᠨ | ᠰᠢᠰᠲ᠋ᠧᠮ ᠢ ᠪᠠᠶᠢᠭᠤᠯᠬᠤ ᠬᠡᠷᠡᠭᠲᠡᠢ᠃ ᠭᠤᠷᠪᠠᠳᠤᠭᠠᠷ ᠲᠤ᠂ ᠳᠦᠷᠢᠮ ᠢ ᠴᠢᠩᠭ᠎ᠠ ᠵᠢᠷᠦᠮᠯᠠᠨ ᠬᠡᠷᠡᠭᠵᠢᠭᠦᠯᠬᠦ ᠭᠡᠷᠡᠭᠲᠡᠢ᠃ | ᠳᠦᠷᠢᠮ ᠤᠨ ᠠᠮᠢ ᠨᠠᠰᠤ ᠨᠢ ᠬᠡᠷᠡᠭᠵᠢᠭᠦᠯᠬᠦ ᠳᠤ ᠪᠠᠶᠢᠳᠠᠭ᠂ ᠡᠷᠬᠡᠪᠰᠢ ᠳᠦᠷᠢᠮ ᠤᠨ ᠬᠡᠷᠡᠭᠵᠢᠭᠦᠯᠬᠦ ᠬᠦᠴᠦᠨ ᠢ | ᠴᠢᠩᠭᠠᠳᠬᠠᠵᠤ᠂ ᠳᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠦᠷᠢᠮ ᠤᠨ ᠴᠠᠭ | ᠢᠮᠬᠠᠲᠠ ᠡᠷᠬᠡ ᠰᠦᠷ ᠢᠶᠠᠨ ᠪᠠᠲᠤᠯᠠᠵᠤ᠂ ᠭᠠᠵᠠᠷ ᠪᠤᠯᠭᠠᠨ ᠳᠤ ᠬᠦᠴᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | |