ᠬᠤᠶᠠᠷ ᠬᠤᠷᠠᠯ ᠤᠨ ᠬᠤᠭᠤᠴᠠᠭᠠᠨ ᠳᠠᠬᠢ ᠤᠯᠠᠨ ᠲᠦᠮᠡᠨ ᠤ ᠲᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020-01-20
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠬᠥᠬᠡᠬᠤᠲᠠ ᠳᠤ ᠦᠪᠡᠳᠡᠭᠰᠢ ᠶᠡᠬᠡᠪᠡᠷ ᠶᠠᠪᠤᠭᠳᠠᠨ ᠪᠦ᠋ ᠰᠢᠶᠣᠣ ᠯᠢᠨ ᠲᠡᠷᠢᠭᠦᠯᠡᠭᠴᠢ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠳᠤᠮᠳᠠ ᠬᠠᠯᠠᠭᠤᠨ ᠲᠤᠰᠬᠠᠯ ᠭᠠᠷᠴᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠬᠦ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ᠂ ᠠᠮᠢ ᠠᠬᠤᠢ ᠣᠷᠴᠢᠨ ᠲᠣᠭᠤᠷᠢᠨ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠢᠳᠡᠪᠬᠢᠲᠡᠢ ᠪᠠᠷ ᠥᠪᠡᠷ ᠥᠪᠡᠷ ᠤᠨ ᠰᠠᠨᠠᠯ ᠲᠤᠷᠠᠳᠤᠯᠭ᠎ᠠ  ᠪᠠᠨ ᠲᠠᠪᠰᠢᠭᠦᠯᠥᠭᠰᠠᠨ ᠪᠠᠶᠢᠨ᠎ᠠ᠃ ᠮᠠᠨ ᠤ ᠬᠤᠰᠢᠭᠤᠨ ᠤ ᠰᠤᠷᠪᠤᠯᠵᠢᠯᠠᠭᠴᠢ ᠣᠯᠠᠨ ᠲᠦᠮᠡᠨ ᠤ ᠳᠤᠮᠳᠠ ᠭᠦᠨᠵᠡᠭᠡᠶᠢᠷᠡᠨ ᠠᠷᠠᠳ ᠣᠯᠠᠨ ᠤ ᠰᠠᠨᠠᠯ ᠲᠤᠷᠠᠳᠤᠯᠭ᠎ᠠ ᠠᠩᠬᠠᠷᠴᠤ ᠪᠠᠶᠢᠭ᠎ᠠ ᠠᠰᠠᠭᠤᠳᠠᠯ ᠢ ᠣᠶᠢᠯᠠᠭᠠᠯ᠎ᠠ᠃      1. ᠲᠤᠭ ᠪᠠᠯᠭᠠᠰᠤᠨ ᠤ ᠲᠤᠪᠤᠭ ᠭᠠᠴᠠᠭᠠᠨ ᠤ ᠨᠢᠬᠡᠳᠦᠬᠡᠷ ᠱᠦᠵᠢ ᠸᠠᠩ ᠵᠢᠷᠭᠠᠯ ᠤᠨ ᠰᠤᠷᠪᠤᠯᠵᠢᠯᠠᠭ᠎ᠠ᠄ ᠨᠢᠬᠡ ᠳᠤ ᠮᠠᠯ ᠠᠵᠤ ᠠᠬᠤᠢ ᠶᠢᠨ ᠦᠢᠯᠡᠰ ᠢ ᠬᠥᠭᠵᠢᠭᠦᠯᠬᠦ ᠨᠢ ᠬᠠᠮᠤᠭ ᠤᠨ ᠴᠢᠬᠤᠯᠠ᠂ ᠤᠴᠢᠷ ᠨᠢ ᠮᠠᠨ ᠤ ᠠᠳᠡ ᠮᠠᠯᠵᠢᠬᠤ ᠣᠷᠣᠨ ᠲᠤᠯᠠ ᠡᠯ᠎ᠡ ᠲᠠᠯ᠎ᠠ ᠶᠢᠨ ᠨᠥᠬᠦᠴᠡᠯ ᠪᠦᠷᠢᠨ ᠲᠡᠭᠦᠯᠳᠡᠷ ᠪᠠᠶᠢᠵᠤ ᠬᠠᠭᠤᠴᠢᠨ ᠮᠠᠶ᠋ᠢᠭ ᠢᠶᠠᠷ ᠡᠵᠡᠩᠨᠡᠭᠰᠡᠨ ᠠᠴᠠ ᠪᠠᠲᠤᠯᠠᠭ᠎ᠠ ᠲᠠᠢ ᠣᠷᠣᠯᠭ᠎ᠠ ᠶᠢ ᠣᠯᠵᠤ ᠳᠡᠶᠢᠯᠦᠨ᠎ᠡ᠃ ᠬᠤᠶᠠᠷ ᠲᠤ᠂ ᠬᠠᠮᠲᠤ ᠶᠢᠨ ᠠᠵᠤ ᠠᠬᠤᠶᠢᠯᠠᠯ ᠢ ᠡᠷᠬᠡᠪᠰᠢ ᠰᠠᠶᠢᠨ ᠬᠢᠵᠦ ᠨᠢᠭᠡᠨ ᠣᠷᠣᠯᠭ᠎ᠠ ᠪᠠᠷ ᠪᠠᠲᠤᠯᠠᠭ᠎ᠠ ᠲᠠᠢ ᠠᠵᠤ ᠦᠢᠯᠡᠰ ᠢ ᠪᠦᠲᠦᠭᠡᠵᠦ᠂ ᠡᠨᠡᠬᠦ ᠣᠷᠣᠯᠭ᠎ᠠ ᠪᠠᠷ ᠢᠶᠠᠨ ᠬᠦᠴᠢᠷᠳᠡᠯᠲᠡᠢ ᠡᠷᠦᠬᠡ ᠶᠢᠨ ᠠᠵᠤ ᠦᠢᠯᠡᠰ ᠢ ᠳᠡᠮᠵᠢᠨ᠎ᠡ︔ ᠵᠢᠱᠢᠶᠡᠯᠡᠪᠡᠯ ᠬᠤᠨᠢ ᠦᠬᠡᠷ ᠠᠪᠴᠤ ᠥᠭᠬᠦ ᠠᠷᠭ᠎ᠠ ᠪᠠᠷᠢᠯ ᠢᠶᠠᠷ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠪᠤᠯᠤᠨ᠎ᠠ᠃ ᠭᠤᠷᠪᠠ ᠳᠤ᠂ ᠤᠷᠤᠨ ᠨᠤᠲᠤᠭ ᠤᠨ ᠢᠶᠠᠨ ᠪᠦᠲᠦᠭᠡᠭᠳᠡᠬᠦᠨ᠂ ᠮᠢᠬ᠎ᠠ ᠱᠥᠯᠥ ᠠᠴᠠ ᠡᠬᠢᠯᠡᠭᠡᠳ ᠰᠦ ᠰᠠᠭᠠᠯᠢ ᠣᠯᠠᠨ ᠲᠥᠷᠥᠯ ᠤᠨ ᠣᠨᠴᠠ ᠭᠠᠷᠤᠯᠲᠠ ᠪᠠᠨ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠬᠢᠪᠡᠯ ᠮᠥᠨᠴᠥ ᠦᠨᠳᠦᠷ ᠦᠷ᠎ᠡ ᠠᠰᠢᠭ ᠢ ᠣᠯᠵᠤ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠴᠢᠳᠠᠨ᠎ᠠ ᠭᠡᠵᠦ ᠪᠤᠳᠤᠵᠤ ᠪᠠᠶᠢᠨ᠎ᠠ᠃      2. ᠦᠥᠰᠢᠨ ᠬᠤᠰᠢᠭᠤᠨ ᠤ ᠰᠦᠯᠳᠡ ᠰᠤᠮᠤᠨ ᠤ ᠲᠤᠭᠤᠷᠢᠮ ᠭᠠᠴᠠᠭᠠᠨ ᠤ ᠲᠠᠷᠤᠭ᠎ᠠ ᠲᠠᠯᠠᠶᠢᠪᠠᠶᠠᠷ ᠤᠨ ᠰᠤᠷᠪᠤᠯᠵᠢᠯᠠᠭ᠎ᠠ᠄ ᠦᠪᠡᠷ ᠤᠨ ᠤᠷᠤᠨ ᠨᠤᠳᠤᠭ ᠤᠨ ᠪᠦᠳᠦᠬᠡᠭᠳᠡᠬᠦᠨ ᠢᠶᠠᠨ ᠰᠢᠨᠵᠢᠯᠡᠭᠡ ᠮᠡᠷᠬᠡᠵᠢᠯ ᠪᠠ ᠰᠤᠶᠤᠯ ᠲᠠᠢ ᠠᠭᠤᠰᠤᠯᠴᠠᠭᠤᠯᠤᠨ ᠬᠦᠭᠵᠢᠬᠦᠯᠬᠦ ᠠᠷᠭ᠎ᠠ ᠮᠠᠶ᠋ᠢᠭ ᠢᠶᠠᠷ ᠪᠢᠳᠠ ᠰᠢᠨ᠎ᠡ ᠨᠢᠬᠡ ᠲᠦᠪᠰᠢᠨ ᠳᠤ ᠬᠦᠷᠭᠦ ᠪᠠᠷ ᠴᠢᠷᠮᠠᠶᠢᠵᠤ ᠪᠠᠶᠢᠨ᠎ᠠ᠂ ᠦᠬᠡᠷ᠎ᠡ ᠪᠠᠷ ᠬᠡᠯᠡᠪᠡᠯ ᠪᠢᠳᠠ ᠦᠪᠡᠷ ᠤᠨ ᠨᠤᠳᠤᠭ ᠤᠨ ᠪᠦᠳᠦᠬᠡᠭᠳᠡᠬᠦᠨ ᠢᠶᠠᠨ ᠲᠠᠸᠠᠷᠴᠢᠯᠠᠭᠠᠳ ᠵᠠᠬ᠎ᠠ ᠲᠡᠯᠬᠡᠬᠦᠷ ᠲᠤ ᠭᠠᠷᠭᠠᠬᠤ ᠳᠤ ᠵᠠᠪᠠᠯ ᠡᠨᠡ ᠰᠢᠨᠵᠢᠯᠡᠭᠡ ᠮᠡᠷᠬᠡᠵᠢᠯ ᠢ ᠠᠰᠢᠭᠯᠠᠬᠤ ᠬᠡᠷᠡᠭᠳᠡᠢ᠂ ᠡᠨᠡ ᠰᠢᠨᠵᠢᠯᠡᠭᠡ ᠮᠡᠷᠬᠡᠵᠢᠯ ᠢ ᠠᠰᠢᠭᠯᠠᠬᠤ ᠪᠠᠷ ᠲᠠᠮᠵᠢᠭᠠᠳ ᠦᠪᠡᠷ ᠤᠨ ᠨᠤᠳᠤᠭ ᠤᠨ ᠪᠦᠳᠦᠬᠡᠭᠳᠡᠬᠦᠨ᠂ ᠤᠨᠴᠠ ᠭᠠᠷᠤᠯᠳᠠ ᠪᠠᠨ ᠤᠯᠤᠰ ᠲᠠᠶᠠᠭᠠᠷ ᠲᠤ ᠮᠡᠳᠡᠭᠳᠡᠵᠤ ᠲᠠᠶᠠᠭᠠᠷ ᠤᠨ ᠠᠩᠬᠠᠷᠤᠯ ᠢ ᠲᠠᠳᠠᠬᠤ ᠡᠶᠢᠮᠦ ᠨᠢᠬᠡ ᠠᠷᠭ᠎ᠠ ᠵᠠᠮ ᠢ ᠠᠪᠴᠤ ᠪᠠᠶᠢᠨ᠎ᠠ᠃      3. ᠦᠥᠰᠢᠨ ᠬᠤᠰᠢᠭᠤᠨ ᠤ ᠲᠤᠭ ᠪᠠᠯᠭᠠᠰᠤᠨ ᠤ ᠮᠡᠶᠢᠷᠠᠠᠰᠦ᠋ᠮ᠎ᠠ ᠭᠠᠴᠠᠭᠠᠨ ᠤ ᠨᠠᠮ ᠤᠨ ᠡᠬᠦᠷ ᠤᠨ ᠱᠦᠵᠢ ᠤᠳᠬᠤᠨᠪᠠᠳᠤ ᠶᠢᠨ ᠰᠤᠷᠪᠤᠯᠵᠢᠯᠠᠭ᠎ᠠ᠄ ᠤᠷᠴᠢᠨ ᠲᠤᠭᠤᠷᠢᠨ ᠠᠮᠢ ᠠᠬᠤᠢ ᠶᠢ ᠰᠡᠷᠬᠦᠬᠡᠬᠦ ᠲᠠᠯ᠎ᠠ ᠪᠠᠷ ᠭᠤᠤᠯᠳᠠᠭᠤ ᠨᠢᠬᠡ ᠳᠤ᠂ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ︔ ᠲᠤᠬᠠᠶᠢᠯᠠᠪᠠᠯ ᠤᠢ ᠰᠢᠭᠤᠢ ᠶᠢ ᠡᠪᠳᠡᠯᠡᠬᠦ ᠂ ᠠᠳᠠᠷ ᠬᠠᠭᠠᠯᠪᠤᠷᠢᠯᠠᠬᠤ ᠵᠡᠷᠭᠡ ᠲᠠᠯ᠎ᠠ ᠶᠢᠨ ᠬᠠᠥᠯᠢ ᠲᠦᠷᠢᠮ ᠢ ᠤᠯᠠᠨ ᠲᠠᠶᠠᠭᠠᠷ ᠲᠤ ᠦᠷᠬᠡᠨ ᠢᠶᠠᠷ ᠤᠬᠠᠭᠤᠯᠭ᠎ᠠ ᠬᠢᠬᠦ᠃ ᠬᠤᠶᠠᠷ ᠲᠤ᠂ ᠱᠠᠩᠨᠠᠯ ᠲᠤᠷᠭᠠᠭᠤᠯᠢ ᠶᠢᠨ ᠲᠦᠷᠢᠮ ᠢ ᠲᠡᠬᠦᠯᠳᠡᠷᠵᠢᠬᠦᠯᠬᠦ ᠲᠡᠬᠡᠷ᠎ᠡ ᠬᠦᠴᠦ ᠲᠠᠯᠪᠢᠨ᠎ᠠ︔ ᠤᠳᠤ ᠮᠠᠨ ᠤ ᠠᠳᠡ ᠱᠠᠩᠨᠠᠯ ᠤᠨ ᠠᠷᠭ᠎ᠠ ᠶᠡᠭᠡ ᠬᠡᠮᠵᠢᠶ᠎ᠠ ᠪᠠᠷ ᠶᠠᠪᠤᠭᠳᠠᠵᠤ ᠪᠠᠶᠢᠨ᠎ᠠ᠂ ᠲᠡᠬᠡᠬᠦᠯᠡᠷ ᠲᠠᠷᠠᠭ᠎ᠠ ᠪᠠᠷ ᠪᠠᠰᠠ ᠲᠤᠷᠭᠠᠭᠤᠯᠢ ᠶᠢᠨ ᠲᠦᠷᠢᠮ ᠢ ᠬᠡᠷᠡᠭᠵᠢᠬᠦᠯᠪᠡᠯ ᠰᠠᠶᠢᠨ ᠶᠤᠮ ᠤᠤ ᠬᠡᠵᠤ ᠪᠤᠳᠤᠵᠤ ᠪᠠᠶᠢᠨ᠎ᠠ᠃      4. ᠦᠥᠰᠢᠨ ᠬᠤᠰᠢᠭᠤᠨ ᠤ ᠲᠤᠭᠤᠷᠢᠮ ᠭᠠᠴᠠᠭᠠᠨ ᠤ ᠮᠠᠯᠴᠢᠨ ᠴᠠᠭᠠᠠᠪᠤᠨᠳᠤᠨ ᠤ ᠰᠤᠷᠪᠤᠯᠵᠢᠯᠠᠭ᠎ᠠ᠄ ᠮᠠᠨ  ᠤ ᠮᠠᠯᠴᠢᠳ ᠵᠠᠷᠢᠮ ᠨᠢ ᠠᠵᠤ ᠠᠬᠤᠢ ᠨᠢ ᠬᠦᠷᠦᠯᠴᠡᠬᠦ ᠦᠬᠡᠢ ᠪᠠᠶᠢᠨ᠎ᠠ᠂ ᠵᠠᠷᠢᠮ ᠨᠢ ᠡᠳ᠋ ᠪᠤᠳᠠᠰ ᠨᠢ ᠬᠦᠷᠦᠯᠴᠡᠬᠦ ᠦᠬᠡᠢ ᠪᠠᠶᠢᠨ᠎ᠠ᠂ ᠵᠠᠷᠢᠮ ᠨᠢ ᠬᠦᠳᠡᠯᠮᠦᠷᠢ ᠬᠦᠴᠦ ᠨᠢ ᠬᠦᠷᠦᠯᠴᠡᠬᠦ ᠦᠬᠡᠢ ᠪᠠᠶᠢᠨ᠎ᠠ᠂ ᠵᠠᠷᠢᠮ ᠨᠢ ᠤᠶᠤᠨ ᠤᠬᠠᠭᠠᠨ  ᠨᠢ ᠬᠦᠷᠦᠯᠴᠡᠬᠦ ᠦᠬᠡᠢ ᠪᠠᠶᠢᠨ᠎ᠠ᠃ ᠵᠠᠷᠢᠮ ᠨᠢ ᠲᠦᠷᠦ ᠶᠢᠨ ᠪᠤᠳᠤᠯᠭ᠎ᠠ ᠶᠢ ᠮᠡᠳᠡᠬᠦ ᠦᠬᠡᠢ ᠪᠠᠶᠢᠨ᠎ᠠ᠂ ᠤᠶᠢᠯᠠᠭᠠᠬᠤ ᠦᠬᠡᠢ ᠪᠠᠶᠢᠨ᠎ᠠ᠃ ᠢᠩᠬᠢᠬᠦᠯᠡᠷ ᠡᠨᠡ ᠠᠰᠠᠭᠤᠳᠠᠯ ᠮᠠᠨ ᠤ ᠮᠠᠯᠵᠢᠬᠤ ᠤᠷᠤᠨ ᠳᠤ ᠴᠢᠬᠤᠯᠠ ᠨᠦᠯᠦᠭᠡ ᠦᠵᠡᠬᠦᠯᠵᠤ ᠪᠠᠶᠢᠨ᠎ᠠ᠃ ᠭᠠᠴᠠᠭ᠎ᠠ ᠰᠤᠮᠤᠨ ᠤ ᠤᠳᠤᠷᠢᠳᠤᠯᠭ᠎ᠠ ᠠᠶᠢᠯ ᠡᠷᠦᠬᠡ ᠪᠤᠯᠭᠠᠨ ᠳᠤ ᠤᠴᠢᠵᠤ ᠬᠦᠳᠡᠯᠮᠦᠷᠢ ᠬᠦᠴᠦ᠂ ᠠᠵᠤ ᠠᠬᠤᠢ ᠶᠢᠨ ᠢᠷᠡᠯᠳᠡ᠂ ᠪᠡᠯᠴᠢᠬᠡᠷ ᠤᠰᠤᠨ ᠤ ᠪᠠᠶᠢᠳᠠᠯ ᠢ ᠪᠦᠷ ᠨᠠᠷᠢᠨ ᠤᠶᠢᠯᠠᠭᠠᠵᠤ ᠴᠤᠬᠤᠮ ᠶᠠᠭᠤ ᠶᠢ ᠨᠢ ᠬᠢᠪᠡᠯ ᠲᠤᠬᠢᠷᠠᠬᠤ ᠶᠤᠮ ᠪᠠᠶᠢᠨ᠎ᠠ᠂ ᠶᠠᠭᠠᠬᠢᠵᠤ ᠬᠢᠪᠡᠯ ᠮᠠᠯᠴᠢᠳ ᠲᠤ ᠲᠤᠰᠠ ᠲᠠᠢ ᠪᠠᠶᠢᠨ᠎ᠠ ᠭᠡᠰᠡᠨ ᠢ ᠮᠡᠳᠡᠬᠦ ᠨᠢ ᠴᠢᠬᠤᠯᠠ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号