ᠮᠠᠨ ᠤ ᠬᠤᠰᠢᠭᠤ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠪᠠᠨ ᠠᠬᠢᠭᠤᠯᠤᠨᠠᠮ
ᠨᠡᠶᠢᠲᠡᠯᠡᠭᠰᠡᠨ ᠴᠠᠭ᠄
2020-01-22
     ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠬᠢᠴᠠ ᠶᠢᠨ ᠲᠦᠷᠭᠡᠳᠬᠦ ᠶᠢ ᠲᠠᠭᠠᠯᠳᠤᠨ ᠦᠤᠰᠢᠨ ᠬᠤᠰᠢᠭᠤᠨ ᠤ ᠡᠯ᠎ᠡ ᠭᠠᠵᠠᠷ ᠪᠠ ᠡᠯ᠎ᠡ ᠰᠠᠯᠠᠭ᠎ᠠ ᠮᠦᠴᠢᠷ ᠨᠢ ᠢᠳᠡᠪᠬᠢᠳᠡᠢ ᠬᠦᠳᠡᠯᠦᠯᠴᠡᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠭᠦᠷᠭᠡ ᠪᠠᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠡᠭᠦᠳᠦᠨ ᠪᠠᠶᠢᠭᠤᠯᠤᠯᠳᠠ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠵᠡᠢ᠃      ᠰᠠᠭᠤᠭᠠᠯᠢ ᠲᠤᠭᠤᠷᠢᠭ ᠲᠤ ᠡᠳ᠋ ᠪᠤᠳᠠᠰ ᠢᠶᠠᠨ ᠲᠤᠷ᠎ᠠ ᠪᠠᠷ ᠤᠪᠤᠭᠠᠯᠠᠬᠤ ᠦᠵᠡᠭᠳᠡᠯ ᠢ ᠪᠦᠳᠦᠮᠵᠢᠳᠡᠢ ᠰᠢᠢᠳᠪᠤᠷᠢᠯᠡᠬᠦ ᠪᠠᠷ ᠤᠢᠢᠷ᠎ᠠ ᠳᠤ ᠦᠤᠰᠢᠨ ᠬᠤᠰᠢᠭᠤᠨ ᠤ ᠤᠷᠤᠨ ᠰᠠᠭᠤᠴᠠ ᠶᠢᠨ ᠬᠠᠮᠢᠶᠠᠷᠤᠯᠳᠠ ᠶᠢᠨ ᠲᠦᠪ ᠨᠢ ᠰᠠᠭᠤᠭᠠᠯᠢ ᠲᠤᠭᠤᠷᠢᠭ ᠲᠤ ᠬᠠᠶᠠᠭᠳᠠᠮᠠᠯ ᠡᠳ᠋ ᠪᠠ ᠬᠠᠭᠤᠴᠢᠷᠠᠭᠰᠠᠨ ᠡᠳ᠋ᠯᠡᠯ ᠬᠡᠷᠡᠭᠰᠡᠯ ᠢ ᠬᠤᠷᠢᠶᠠᠬᠤ ᠲᠦᠭᠦᠭᠡᠷᠦᠮᠵᠢ ᠶᠢ ᠲᠤᠬᠢᠷᠠᠭᠤᠯᠤᠨ ᠦᠭᠴᠠᠢ᠃ ᠤᠮᠳᠠᠭᠠᠨ ᠤ ᠯᠤᠩᠬᠤ᠂ ᠰᠤᠨᠢᠨ ᠰᠡᠳᠬᠦᠯ᠂ ᠲᠡᠮᠦᠷᠯᠢᠭ ᠯᠤᠩᠬᠤ ᠰᠠᠪᠠ᠂ ᠴᠠᠭᠠᠰᠤᠨ ᠬᠠᠶᠢᠷᠴᠠᠭ᠂ ᠬᠠᠭᠤᠴᠢᠨ ᠬᠤᠪᠴᠠᠰᠤ ᠬᠤᠨᠠᠷ ᠢ ᠬᠤᠷᠢᠶᠠᠬᠤ ᠬᠠᠶᠢᠷᠴᠠᠭ ᠲᠠᠭᠠᠷᠠᠭᠤᠯᠵᠤ᠂ ᠡᠳᠡᠭᠡᠷ ᠢ ᠬᠤᠳᠠᠯᠳᠤᠭᠰᠠᠨ ᠵᠤᠭᠤᠰ ᠢ ᠵᠢᠷᠬᠢᠶ᠎ᠡ ᠶᠢᠨ ᠠᠵᠠ ᠶᠢᠨ ᠪᠡᠯᠡᠭ ᠤᠨ ᠬᠡᠯᠪᠡᠷᠢ ᠪᠠᠷ ᠬᠡᠷᠡᠭᠯᠡᠭᠴᠢᠳ ᠲᠤ ᠬᠤᠪᠢᠶᠠᠵᠤ᠂ ᠬᠡᠷᠡᠭᠯᠡᠭᠴᠢᠳ ᠤᠨ ᠬᠤᠭ ᠨᠤᠪᠰᠢ ᠪᠠᠨ ᠢᠯᠭᠠᠨ ᠬᠠᠶᠠᠬᠤ ᠳᠤ ᠲᠦᠭᠦᠮ ᠦᠵᠡᠬᠦᠯᠵᠤ᠂ ᠰᠠᠭᠤᠭᠠᠯᠢ ᠠᠷᠠᠳ ᠤᠨ ᠢᠳᠡᠪᠬᠢᠵᠢᠯ ᠢ ᠲᠠᠶᠢᠴᠢᠯᠠᠵᠠᠢ᠃      ᠬᠤᠰᠢᠭᠤᠨ ᠤ ᠰᠤᠷᠭᠠᠨ ᠬᠦᠮᠦᠵᠢᠯ ᠪᠠ ᠪᠡᠶ᠎ᠡ ᠶᠢᠨ ᠲᠠᠮᠢᠷ ᠤᠨ ᠲᠤᠪᠴᠢᠶ᠎ᠠ ᠨᠢ ᠪᠦᠬᠦ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ ᠲᠤ ︽ᠭᠠᠷ ᠭᠠᠷ ᠢᠶᠠᠨ ᠬᠤᠯᠪᠤᠯᠴᠠᠬᠤ︾ ᠭᠤᠤᠯ ᠰᠡᠳᠦᠪᠳᠤ ᠠᠵᠢᠯᠯᠠᠭ᠎ᠠ ᠦᠷᠨᠢᠬᠦᠯᠦᠨ᠂ ᠰᠤᠷᠤᠭᠴᠢ ᠪᠠ ᠬᠡᠷ ᠤᠨ ᠠᠬᠠᠮᠠᠳ ᠢ ᠵᠤᠬᠢᠶᠠᠨ ᠪᠠᠶᠢᠭᠤᠯᠵᠤ᠂ ᠪᠤᠯᠪᠠᠰᠤᠨ ᠵᠠᠮ ᠬᠠᠷᠢᠯᠴᠠᠭ᠎ᠠ᠂ ᠪᠤᠯᠪᠠᠰᠤᠨ ᠬᠤᠭᠤᠯᠠᠨ ᠰᠢᠷᠡᠭᠡ᠂ ᠪᠤᠯᠪᠠᠰᠤᠨ ᠵᠤᠭᠠᠴᠠᠯ᠂ ᠪᠤᠯᠪᠠᠰᠤᠨ ᠬᠢᠴᠢᠶᠡᠯ ᠤᠨ ᠲᠡᠩᠬᠢᠮ᠂ ᠪᠤᠯᠪᠠᠰᠤᠨ ᠰᠢᠯᠭᠠᠯᠳᠠ ᠬᠡᠬᠦ ᠮᠡᠳᠦᠴᠢᠯᠡᠨ ᠤᠯᠠᠨ ᠵᠦᠢᠯ ᠤᠨ ᠪᠤᠯᠪᠠᠰᠤᠨ ᠤ ᠠᠵᠢᠯᠯᠠᠭ᠎ᠠ ᠶᠢ ᠦᠷᠨᠢᠬᠦᠯᠵᠡᠢ᠃ ᠰᠤᠷᠭᠠᠭᠤᠯᠢ ᠲᠠᠷᠬᠠᠭᠰᠠᠨ ᠤ ᠲᠠᠷᠠᠭ᠎ᠠ 3 ᠮᠢᠨᠦ᠋ᠲ ᠤᠨ ᠴᠠᠭ ᠢ ᠬᠡᠷᠡᠭᠯᠡᠨ ᠬᠡᠷ ᠤᠨ ᠠᠬᠠᠮᠠᠳ ᠢ ᠵᠤᠬᠢᠶᠠᠨ ᠪᠠᠶᠢᠭᠤᠯᠵᠤ᠂ ᠰᠤᠷᠭᠠᠭᠤᠯᠢ ᠶᠢᠨ ᠤᠢᠢᠷ᠎ᠠ ᠬᠠᠪᠢ ᠶᠢᠨ ᠬᠤᠭ ᠢ ᠲᠡᠭᠦᠯᠭᠡᠵᠤ᠂ ᠨᠢᠭᠡ ᠬᠡᠤᠭᠡᠳ ᠢ ᠬᠦᠮᠦᠵᠢᠬᠦᠯᠬᠦ ᠪᠠᠷ ᠲᠠᠮᠵᠢᠨ ᠨᠢᠭᠡ ᠬᠡᠷ ᠪᠦᠯᠢ ᠶᠢ ᠲᠠᠶᠢᠴᠢᠯᠠᠵᠤ᠂ ᠪᠦᠬᠦ ᠨᠡᠶᠢᠭᠡᠮ ᠢ ᠨᠦᠯᠦᠭᠡᠯᠡᠬᠦ ᠪᠠᠷ ᠴᠢᠷᠮᠠᠶᠢᠨ᠂ ᠰᠠᠭᠤᠭᠠᠯᠢ ᠠᠷᠠᠳ ᠤᠨ ᠪᠤᠯᠪᠠᠰᠤᠨ ᠬᠡᠪ ᠴᠢᠨᠠᠷ ᠪᠠ ᠨᠡᠶᠢᠭᠡᠮ ᠤᠨ ᠪᠤᠯᠪᠠᠰᠤᠨ ᠤ ᠬᠢᠷᠢ ᠲᠦᠪᠰᠢᠨ ᠢ ᠲᠡᠭᠡᠭᠰᠢᠯᠡᠬᠦᠯᠦᠭᠰᠡᠨ ᠪᠠᠶᠢᠨ᠎ᠠ᠃      ᠪᠦᠬᠦ ᠬᠤᠰᠢᠭᠤᠨ ᠤ 393 ᠨᠠᠮ ᠤᠨ ᠡᠭᠦᠷ ᠨᠢ ᠲᠤᠰ ᠪᠦᠷᠢ ︽ᠨᠠᠮ ᠤᠨ ᠪᠠᠶᠢᠭᠤᠯᠤᠯᠳᠠ ᠪᠠᠷ ᠰᠢᠨ᠎ᠡ ᠴᠠᠭ ᠡᠷᠢᠨ ᠤ ᠪᠤᠯᠪᠠᠰᠤᠨ ᠤ ᠦᠢᠯᠡᠳᠦᠯᠭᠡ ᠶᠢ ᠤᠳᠤᠷᠢᠳᠤᠭᠤᠯᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ︾ ᠭᠤᠤᠯ ᠰᠡᠳᠦᠪᠳᠤ ᠨᠠᠮ ᠤᠨ ᠡᠳᠦᠷᠯᠢᠭ ᠤᠨ ᠠᠵᠢᠯᠯᠠᠭ᠎ᠠ ᠶᠢ ᠦᠷᠨᠢᠬᠦᠯᠦᠨ᠂ ᠨᠡᠶᠢᠭᠡᠮ ᠤᠨ ᠰᠤᠷᠳᠠᠯ ᠢ ᠴᠡᠭᠴᠡᠯᠡᠬᠦ ᠲᠠᠯ᠎ᠠ ᠪᠠᠷ ᠬᠦᠴᠦ ᠭᠠᠷᠭᠠᠵᠤ᠂ ᠡᠭᠦᠳᠦᠨ ᠪᠠᠶᠢᠭᠤᠯᠬᠤ ᠠᠵᠢᠯ ᠤᠨ ᠡᠯ᠎ᠡ ᠲᠦᠷᠦᠯ ᠤᠨ ᠡᠭᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠵᠠᠢ᠃ ᠬᠤᠰᠢᠭᠤᠨ ᠤ 100 ᠭᠠᠷᠤᠢ ᠰᠠᠶᠢᠨ ᠲᠤᠷᠠᠴᠤᠳ ᠨᠢ ᠪᠤᠯᠪᠠᠰᠤᠨ ᠵᠠᠮ ᠬᠠᠷᠢᠯᠴᠠᠭᠠᠨ ᠤ ᠰᠠᠶᠢᠨ ᠲᠤᠷ᠎ᠠ ᠶᠢᠨ ᠠᠵᠢᠯᠯᠠᠭ᠎ᠠ ᠶᠢ ᠦᠷᠨᠢᠬᠦᠯᠵᠤ᠂ ᠵᠠᠮ ᠬᠠᠷᠢᠯᠴᠠᠭᠠᠨ ᠤ ᠴᠠᠭᠳᠠᠭ᠎ᠠ ᠳᠤ ᠲᠤᠰᠠᠯᠠᠨ ᠵᠠᠮ ᠬᠠᠷᠢᠯᠴᠠᠭᠠᠨ ᠤ ᠡᠮᠬᠢ ᠲᠢᠭᠯᠢᠮ ᠢ ᠪᠠᠳᠤᠯᠠᠭᠰᠠᠨ ᠪᠦᠭᠡᠳ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠨᠢ ᠵᠠᠮ ᠬᠠᠷᠢᠯᠴᠠᠭᠠᠨ ᠤ ᠡᠮᠬᠢ ᠲᠢᠭᠯᠢᠮ ᠢ ᠴᠡᠭᠴᠡᠯᠡᠬᠦ ᠠᠵᠢᠯᠯᠠᠭ᠎ᠠ ᠦᠷᠨᠢᠬᠦᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢ ᠭᠠᠯᠠᠭᠤᠳᠤ ᠪᠠᠯᠭᠠᠰᠤᠨ ᠤ ᠬᠠᠷᠢᠶᠠᠨ ᠳᠤ ᠴᠡᠪᠡᠷᠯᠡᠭᠡ ᠬᠢᠵᠤ ᠦᠵᠡᠰᠬᠦᠯᠡᠩᠳᠤ ᠰᠠᠶᠢᠬᠠᠨ ᠬᠡᠷ ᠤᠷᠤᠨ ᠢᠶᠠᠨ ᠬᠠᠮᠳᠤ ᠪᠠᠷ ᠪᠦᠳᠦᠭᠡᠨ ᠪᠠᠶᠢᠭᠤᠯᠵᠠᠢ᠃      ᠡᠯ᠎ᠡ ᠡᠭᠦᠳᠦᠨ ᠪᠠᠶᠢᠭᠤᠯᠤᠯᠳᠠ ᠶᠢᠨ ᠨᠢᠭᠡᠴᠢ ᠨᠢ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠯᠡᠨ ᠤᠷᠤᠯᠴᠠᠵᠠᠢ᠃ ᠰᠠᠭᠤᠭᠠᠯᠢ ᠲᠤᠭᠤᠷᠢᠭ ᠤᠨ ᠤᠨᠴᠠᠯᠢᠭ ᠲᠤ ᠵᠤᠬᠢᠴᠠᠭᠤᠯᠤᠨ᠂ ᠡᠯ᠎ᠡ ᠪᠠᠶᠢᠭᠤᠯᠭ᠎ᠠ ᠨᠢᠭᠡᠴᠢ ᠨᠢ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ᠂ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ᠂ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠬᠤ ᠠᠵᠢᠯᠯᠠᠭ᠎ᠠ᠂ ᠲᠤᠤᠷ᠎ᠠ ᠨᠡᠭᠦᠷᠡᠰᠦᠳᠦ᠋ᠷᠦᠭᠴᠢᠳᠤ ᠠᠮᠢᠳᠤᠷᠠᠯ᠂ ᠬᠡᠷ ᠤᠨ ᠰᠤᠷᠳᠠᠯ ᠬᠡᠷ ᠤᠨ ᠰᠤᠷᠭᠠᠯ ᠵᠡᠷᠭᠡ ᠠᠭᠤᠯᠭ᠎ᠠ ᠶᠢᠨ ᠲᠤᠭᠤᠷᠢᠨ ᠳᠤ ᠠᠳᠠᠯᠢ ᠪᠤᠰᠤ ᠶᠢᠨ ᠭᠤᠤᠯ ᠰᠡᠳᠦᠪᠳᠤ ᠰᠠᠭᠤᠭᠠᠯᠢ ᠲᠤᠭᠤᠷᠢᠭ ᠢ ᠡᠭᠦᠳᠦᠨ ᠪᠠᠶᠢᠭᠤᠯᠵᠤ᠂ ᠰᠢᠯᠢᠳᠡᠭ ᠤᠯᠠᠮᠵᠢᠯᠠᠯᠳᠤ ᠰᠤᠶᠤᠯ ᠢ ᠡᠷᠦᠭᠡ ᠪᠦᠷᠢ ᠳᠤ ᠬᠦᠨ ᠦᠨᠳᠦᠰᠦᠯᠡᠬᠦᠯᠪᠡ᠃      ᠡᠯ᠎ᠡ ᠪᠠᠶᠢᠭᠤᠯᠭ᠎ᠠ ᠨᠢᠭᠡᠴᠢ ᠨᠢ ᠬᠤᠪᠢᠳᠠᠨ ᠠᠪᠤᠭᠰᠠᠨ ᠬᠠᠷᠢᠶᠠᠳᠤ ᠲᠤᠭᠤᠷᠢᠭ ᠤᠨ ᠡᠷᠦᠭᠡ ᠳᠤ ᠤᠷᠤᠵᠤ ᠤᠬᠠᠭᠤᠯᠭ᠎ᠠ ᠬᠢᠬᠦ᠂ ᠪᠠᠶᠢᠴᠠᠭᠠᠯᠳᠠ ᠬᠢᠬᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ᠂ ᠵᠢᠵᠢᠭ ᠵᠠᠷ ᠮᠡᠳᠡᠭᠡ ᠶᠢ ᠴᠡᠪᠡᠷᠯᠡᠬᠦ᠂ ᠲᠤᠨᠤᠭ ᠲᠦᠭᠦᠭᠡᠷᠦᠮᠵᠢ ᠶᠢ ᠵᠠᠰᠠᠵᠤ ᠬᠠᠮᠠᠭᠠᠯᠠᠬᠤ᠂ ᠲᠡᠷᠭᠡ ᠮᠠᠰᠢᠨ ᠤ ᠵᠤᠭᠰᠤᠭᠠᠯ ᠤᠨ ᠫᠧᠡᠭ ᠰᠡᠷᠠᠪᠴᠢ ᠶᠢ ᠰᠢᠨ᠎ᠡ ᠪᠠᠷ ᠪᠠᠶᠢᠭᠤᠯᠬᠤ ᠵᠡᠷᠭᠡ ᠠᠵᠢᠯ ᠢ ᠬᠦᠢᠴᠡᠳᠭᠡᠨ᠂ ᠠᠷᠠᠳ ᠤᠨ ᠰᠠᠨᠠᠯ ᠢ ᠬᠤᠷᠢᠶᠠᠵᠤ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠠᠰᠠᠭᠤᠳᠠᠯ ᠢ ᠰᠢᠢᠳᠪᠤᠷᠢᠯᠡᠨ ᠦᠭᠴᠡᠢ᠃ ᠬᠠᠮᠳᠤ ᠳᠤᠨᠢ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠪᠠ ᠰᠢᠨ᠎ᠡ ᠴᠠᠭ ᠡᠷᠢᠨ ᠤ ᠪᠤᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ ᠪᠠᠶᠢᠭᠤᠯᠭ᠎ᠠ ᠶᠢᠨ ᠢᠶᠠᠨ ᠵᠢᠷᠬᠢᠶᠡᠨ ᠲᠠᠪᠴᠠᠩ ᠢ ᠠᠰᠢᠭᠯᠠᠨ ᠤᠬᠠᠭᠤᠯᠭ᠎ᠠ ᠬᠢᠵᠤ᠂ ᠤᠯᠠᠨ ᠲᠦᠮᠡᠨ ᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠤᠷᠤᠯᠴᠠᠬᠤ ᠢᠳᠡᠪᠬᠢᠵᠢᠯ ᠢ ᠲᠡᠭᠡᠭᠰᠢᠯᠡᠬᠦᠯᠦᠭᠰᠡᠨ ᠪᠠᠶᠢᠨ᠎ᠠ᠃      ᠬᠤᠰᠢᠭᠤᠨ ᠤ ᠪᠤᠯᠪᠠᠰᠤᠨ ᠤ ᠠᠯᠪᠠᠨ ᠬᠡᠷ ᠨᠢ ᠪᠦᠬᠦ ᠬᠤᠰᠢᠭᠤᠨ ᠤ ᠤᠯᠤᠰ ᠲᠦᠷᠦ ᠠᠵᠤ ᠠᠬᠤᠢ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠪᠠ ᠨᠠᠮ ᠤᠨ ᠪᠠᠶᠢᠭᠤᠯᠤᠯᠳᠠ ᠵᠡᠷᠭᠡ ᠲᠠᠯ᠎ᠠ ᠪᠠᠷ ᠮᠠᠲ᠋ᠧᠷᠢᠶᠠᠯ ᠴᠤᠭᠯᠠᠭᠤᠯᠵᠤ᠂ ᠡᠯ᠎ᠡ ᠨᠡᠶᠢᠭᠡᠮ ᠲᠤᠭᠤᠷᠢᠭ ᠪᠠ ᠰᠠᠭᠤᠭᠠᠯᠢ ᠠᠷᠠᠳ ᠤᠨ ᠲᠤᠭᠤᠷᠢᠭ ᠤᠨ ᠤᠷᠴᠢᠨ ᠲᠤᠭᠤᠷᠢᠨ ᠳᠤ ᠪᠠᠶᠢᠴᠠᠭᠠᠯᠳᠠ ᠬᠢᠵᠤ᠂ ᠠᠰᠠᠭᠤᠳᠠᠯ ᠢ ᠢᠯᠡᠷᠡᠬᠦᠯᠦᠨ᠂ ᠲᠤᠬᠠᠢ ᠶᠢᠨ ᠲᠠᠯᠠᠪᠤᠷ ᠲᠤ ᠵᠢᠯᠤᠭᠤᠳᠬᠤ ᠰᠠᠨᠠᠯ ᠭᠠᠷᠭᠠᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠠᠭᠤᠷᠢ ᠪᠠᠨ ᠪᠠᠳᠤᠳᠬᠠᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号