ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠬᠡ ᠠᠯᠬᠤᠮ | ᠴᠢᠩᠭᠠᠳᠬᠠᠬᠤ ᠶᠢᠨ ᠲᠤᠰᠠᠳᠠ ᠤᠢᠢᠷ᠎ᠠ ᠶᠢᠨ ᠡᠳᠦᠷ ᠦᠦᠰᠢᠨ ᠬᠤᠰᠢᠭᠤᠨ ᠤ ᠵᠠᠮ ᠬᠠᠷᠢᠯᠴᠠᠭᠠᠨ ᠤ | ᠬᠠᠮᠢᠶᠠᠷᠤᠯᠳᠠ ᠶᠢᠨ ᠶᠡᠭᠡ ᠠᠩᠭᠢ ᠶᠢᠨ ᠬᠢᠨ ᠬᠠᠷᠢᠶᠠᠳᠤ ᠲᠤᠭᠤᠷᠢᠭ ᠤᠨ ᠢᠶᠠᠨ ᠰᠤᠷᠭᠠᠭᠤᠯᠢ ᠶᠢᠨ ᠬᠦᠷᠢᠶᠠᠨ ᠳᠤ | ᠬᠦᠷᠴᠦ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠦᠭᠰᠡᠨ | ᠪᠠᠶᠢᠨ᠎ᠠ᠃ | ᠠᠵᠢᠯᠯᠠᠭ᠎ᠠ ᠳᠤ ᠠᠷᠠᠳ ᠤᠨ ᠴᠠᠭᠳᠠᠭ᠎ᠠ ᠰᠤᠷᠤᠭᠴᠢᠳ ᠲᠤ ᠡᠪᠦᠯ ᠤᠨ ᠠᠮᠠᠷᠠᠯᠳᠠ ᠶᠢᠨ ᠬᠤᠭᠤᠴᠠᠭᠠᠨ ᠳᠤ | ᠵᠠᠮ ᠬᠠᠷᠢᠯᠴᠠᠭᠠᠨ ᠤ ᠠᠮᠤᠷ ᠲᠦᠪᠰᠢᠨ ᠤ ᠠᠩᠬᠠᠷᠬᠤ ᠴᠢᠬᠤᠯᠠᠳᠠᠢ ᠵᠦᠢᠯᠡᠰ ᠢ ᠶᠠᠷᠢᠬᠤ ᠶᠢᠨ ᠬᠠᠮᠳᠤ ᠠᠮᠢᠳᠤᠷᠠᠯ | ᠲᠤᠮᠳᠠᠬᠢ ᠪᠤᠳᠠᠳᠠᠢ ᠬᠡᠷᠡᠭ ᠤᠨ ᠵᠢᠱᠢᠶ᠎ᠠ ᠶᠢ ᠲᠠᠲᠠᠵᠤ᠂ ᠰᠤᠷᠤᠭᠴᠢᠳ ᠲᠤ ᠵᠦᠪ ᠤᠨᠤᠪᠴᠢᠳᠠᠢ ᠠᠮᠤᠷ | ᠲᠦᠪᠰᠢᠨ ᠢᠶᠠᠷ ᠭᠠᠳᠠᠭᠰᠢ ᠶᠠᠪᠤᠬᠤ ᠠᠷᠭ᠎ᠠ ᠪᠠᠷᠢᠯ ᠢ ᠶᠠᠷᠢᠵᠤ᠂ ᠪᠤᠯᠪᠠᠰᠤᠨ ᠶᠤᠰᠤ ᠮᠤᠷᠠᠯ ᠲᠠᠢ ᠰᠡᠶᠢᠨ ᠰᠤᠷᠤᠭᠴᠢ | ᠪᠤᠯᠬᠤ ᠶᠢ ᠵᠢᠭᠠᠨ ᠵᠢᠯᠤᠭᠤᠳᠤᠭᠰᠠᠨ ᠪᠠᠶᠢᠨ᠎ᠠ᠃ ᠠᠷᠠᠳ ᠤᠨ ᠴᠠᠭᠳᠠᠭ᠎ᠠ ᠰᠤᠷᠤᠭᠴᠢᠳ ᠢ ᠦᠪᠡᠷ ᠤᠨ ᠰᠤᠷᠤᠭᠰᠠᠨ | ᠵᠠᠮ ᠬᠠᠷᠢᠯᠴᠠᠭᠠᠨ ᠤ ᠮᠡᠳᠡᠯᠬᠡ ᠪᠠᠨ ᠬᠡᠷ ᠤᠨ ᠠᠬᠠᠮᠠᠳ ᠲᠠᠭᠠᠨ ᠤᠯᠠᠮᠵᠢᠯᠠᠨ ᠶᠠᠷᠢᠵᠤ᠂ ᠬᠡᠷ ᠤᠨ ᠠᠬᠠᠮᠠᠳ | ᠤᠬᠠᠮᠰᠠᠷ ᠠᠴᠠ ᠪᠠᠨ ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠰᠠᠬᠢᠬᠤ ᠶᠢ ᠤᠷᠢᠶᠠᠯᠠᠬᠤ ᠶᠢᠨ ᠬᠠᠮᠳᠤ | ᠰᠤᠷᠤᠭᠴᠢᠳ ᠢ ᠠᠮᠤᠷ ᠲᠦᠪᠰᠢᠨ᠂ ᠪᠠᠶᠠᠷ ᠬᠦᠷ ᠲᠠᠢ ᠡᠪᠦᠯ ᠤᠨ ᠠᠮᠠᠷᠠᠯᠳᠠ ᠪᠠᠨ ᠦᠡᠭᠭᠡᠷᠡᠬᠦᠯᠬᠦ ᠶᠢ ᠬᠦᠰᠡᠨ | ᠵᠦᠡᠭᠨᠡᠭᠰᠡᠨ ᠪᠠᠶᠢᠨ᠎ᠠ᠃ | | |