ᠨᠡᠶᠢᠭᠡᠮ ᠨᠡᠶᠢᠲᠡ ᠶᠢᠨ ᠬᠠᠶᠢᠷ᠎ᠠ ᠬᠠᠯᠠᠮᠵᠢ ᠣᠷᠴᠢᠨ ᠲᠣᠭᠤᠷᠢᠨ ᠴᠡᠪᠡᠷᠯᠡᠭᠴᠢᠳ ᠤᠨ ᠰᠡᠳᠬᠢᠯ ᠢ ᠳᠤᠯᠠᠭᠠᠴᠠᠭᠤᠯᠤᠯ᠎ᠠ
ᠨᠡᠶᠢᠲᠡᠯᠡᠭᠰᠡᠨ ᠴᠠᠭ᠄
2020-01-22
     ᠰᠠᠭᠤᠭᠠᠯᠢ ᠠᠷᠠᠳ ᠲᠤ ᠴᠡᠪᠡᠷ ᠲᠣᠬᠢᠯᠢᠭ ᠠᠵᠤ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ ᠡᠪᠦᠯ ᠤᠨ ᠲᠠᠰᠬᠢᠮ᠎ᠠ ᠬᠦᠢᠲᠡᠨ ᠵᠤᠨ ᠤ ᠠᠭᠠᠭᠢᠮ᠎ᠠ ᠬᠠᠯᠠᠭᠤᠨ ᠳᠤ ᠴᠤ ᠥᠷᠯᠥᠭᠡ ᠶᠢᠨ ᠰᠦᠨᠢ ᠠᠴᠠ ᠦᠳᠡᠰᠢ ᠶᠢᠨ ᠬᠠᠷᠠᠩᠭᠤᠢ ᠬᠦᠷᠲᠡᠯ᠎ᠡ ᠪᠣᠷᠪᠢ ᠪᠤᠬᠢᠰᠬᠢᠯ ᠦᠭᠡᠢ ᠠᠵᠢᠯᠯᠠᠳᠠᠭ ᠬᠠᠮᠲᠤ ᠣᠯᠠᠨ ᠪᠠᠶᠢᠳᠠᠭ᠃ ᠲᠡᠳᠡ ᠪᠣᠯ ᠳᠠᠷᠤᠢ ᠣᠷᠴᠢᠨ ᠲᠣᠭᠤᠷᠢᠨ ᠤ ᠴᠡᠪᠡᠷᠯᠡᠭᠴᠢᠳ ᠪᠣᠯᠣᠨ᠎ᠠ᠃ ᠲᠡᠳᠡᠨ ᠤ ᠠᠷᠢᠭᠤᠨ ᠬᠥᠳᠡᠯᠮᠦᠷᠢ ᠳᠤ ᠨᠢ ᠲᠠᠯᠠᠷᠬᠠᠵᠤ ᠬᠡᠦᠬᠡᠳ ᠪᠠᠭᠠᠴᠤᠳ ᠲᠠᠭᠠᠨ ᠬᠠᠷᠠᠬᠠᠨ ᠪᠠᠭ᠎ᠠ ᠠᠴᠠ ᠨᠢ ᠬᠥᠳᠡᠯᠮᠦᠷᠢ ᠶᠢᠨ ᠡᠷᠬᠢᠮ ᠳᠡᠭᠡᠳᠦ ᠶᠢ ᠮᠡᠳᠡᠭᠦᠯᠬᠦ ᠶᠢᠨ ᠲᠥᠯᠥᠭᠡ ᠦᠦᠰᠢᠨ ᠬᠤᠰᠢᠭᠤᠨ ᠤ ᠬᠤᠪᠢ ᠢᠷᠦᠭᠡᠯ ᠺᠣᠮᠫᠠᠨᠢ ᠪᠣᠯᠣᠨ ᠬᠤᠰᠢᠭᠤ ᠮᠣᠩᠭᠤᠯ ᠲᠤᠷᠰᠢᠯᠲᠠ ᠶᠢᠨ ᠪᠠᠭ᠎ᠠ ᠰᠤᠷᠭᠠᠭᠤᠯᠢ ᠬᠠᠮᠲᠤᠷᠠᠵᠤ ᠪᠦᠬᠦ ᠬᠤᠰᠢᠭᠤᠨ ᠤ 400 ᠭᠠᠷᠤᠢ ᠣᠷᠴᠢᠨ ᠲᠣᠭᠤᠷᠢᠨ ᠤ ᠴᠡᠪᠡᠷᠯᠡᠭᠴᠢᠳ ᠲᠤ ᠦᠨ᠎ᠡ ᠲᠥᠯᠥᠪᠦᠷᠢ ᠦᠭᠡᠢ ᠪᠠᠷ ᠪᠠᠩᠰᠢ ᠬᠦᠷᠭᠡᠨ ᠥᠭᠴᠦ ᠲᠡᠳᠡᠨ ᠤ ᠠᠷᠢᠭᠤᠨ ᠬᠥᠳᠡᠯᠮᠦᠷᠢ  ᠳᠤ ᠲᠠᠯᠠᠷᠬᠠᠵᠤ ᠣᠷᠴᠢᠨ ᠲᠣᠭᠤᠷᠢᠨ ᠤ ᠴᠡᠪᠡᠷᠯᠡᠭᠴᠢᠳ ᠲᠡᠭᠡᠨ ᠬᠦᠨᠳᠦᠳᠬᠡᠯ ᠳᠡᠪᠰᠢᠭᠦᠯᠦᠯ᠎ᠡ᠃      ᠣᠶᠢᠯᠠᠭᠠᠭᠰᠠᠨ ᠢᠶᠠᠷ ᠲᠤᠰ ᠤᠳᠠᠭᠠᠨ ᠤ ᠠᠵᠢᠯᠯᠠᠭ᠎ᠠ ᠳᠤ ᠦᠦᠰᠢᠨ ᠬᠤᠰᠢᠭᠤᠨ ᠤ ᠬᠤᠪᠢ ᠢᠷᠦᠭᠡᠯ ᠺᠣᠮᠫᠠᠨᠢ ᠠᠴᠠ ᠭᠤᠷᠪᠠᠨ ᠮᠢᠩᠭ᠎ᠠ ᠭᠠᠷᠤᠢ ᠲᠥᠭᠦᠷᠢᠭ ᠤᠨ ᠥᠷᠲᠡᠭ ᠪᠦᠬᠦᠢ 900 ᠭᠠᠷᠤᠢ ᠤᠭᠤᠲᠠ ᠪᠠᠩᠰᠢ ᠶᠢ ᠦᠨ᠎ᠡ ᠲᠥᠯᠥᠪᠦᠷᠢ ᠦᠭᠡᠢ ᠪᠠᠷ ᠬᠠᠩᠭᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠣᠷᠴᠢᠨ ᠲᠣᠭᠤᠷᠢᠨ ᠤ ᠴᠡᠪᠡᠷᠯᠡᠭᠴᠢᠳ ᠲᠤ ᠵᠢᠯ ᠴᠠᠭᠠᠨ ᠰᠠᠷ᠎ᠠ ᠶᠢᠨ ᠬᠠᠯᠭᠤᠨ ᠮᠡᠨᠳᠦᠴᠢᠯᠡᠭᠡ ᠳᠡᠪᠰᠢᠭᠦᠯᠦᠭᠰᠡᠨ ᠤ ᠬᠠᠮᠲᠤ ᠬᠡᠦᠬᠡᠳ ᠪᠠᠭᠠᠴᠤᠳ ᠲᠤ ᠦᠢᠯᠡᠳᠦᠯᠭᠡ ᠶᠢᠨ ᠬᠢᠴᠢᠶᠡᠯᠯᠡᠭᠡ ᠪᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号