ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ᠵᠠᠬ᠎ᠠ ᠳᠡᠯᠭᠡᠭᠦᠷ ᠲᠤ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-01-22
     ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠬᠠᠤᠯᠢ ᠶᠢ ᠵᠥᠷᠢᠴᠡᠨ ᠡᠵᠡᠩᠨᠡᠬᠦ ᠠᠵᠢᠯᠯᠠᠭ᠎ᠠ ᠳᠤ ᠴᠣᠬᠢᠯᠲᠠ ᠥᠭᠬᠦ ᠶᠢᠨ ᠲᠥᠯᠥᠭᠡ ᠣᠶᠢᠷ᠎ᠠ ᠳᠤ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ᠵᠠᠬ᠎ᠠ ᠳᠡᠯᠭᠡᠭᠦᠷ ᠤᠨ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠨᠢᠭᠦᠯᠦᠭᠰᠡᠨᠨ ᠪᠠᠶᠢᠨ᠎ᠠ᠃      ᠪᠠᠶᠢᠴᠠᠭᠠᠯᠳᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠤᠸᠠᠷ ᠫᠤᠤᠵᠢᠩ ᠡᠵᠡᠩᠨᠡᠬᠦ ᠬᠢᠷᠢ ᠬᠡᠮ ᠨᠢ ᠬᠠᠤᠯᠢ  ᠳᠤ ᠨᠡᠶᠢᠴᠡᠬᠦ ᠡᠰᠡᠬᠦ᠂ ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠬᠤᠸᠠᠷ ᠫᠤᠤᠵᠢᠩ ᠪᠣᠷᠣᠯᠠᠭᠤᠯᠬᠤ ᠵᠥᠪᠰᠢᠶᠡᠷᠡᠯ ᠤᠨ ᠬᠠᠮᠢᠶ᠎ᠠ ᠪᠥᠬᠦᠶ ᠭᠡᠷᠡᠴᠢ ᠨᠢ ᠪᠦᠷᠢᠨ ᠭᠦᠶᠴᠡᠳ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠵᠠᠮ ᠮᠥᠷ ᠤᠨ ᠭᠠᠷᠳᠠᠮ ᠨᠢ ᠬᠠᠤᠯᠢ ᠳᠤ ᠨᠡᠶᠢᠴᠡᠬᠦ ᠡᠰᠡᠬᠦ᠂ ᠢᠯᠡᠷᠬᠡᠶ ᠠᠮᠤᠷ ᠲᠦᠪᠰᠢᠨ ᠤ ᠰᠡᠷᠡᠮᠵᠢ ᠶᠢᠨ ᠲᠡᠮᠲᠡᠭ ᠨᠠᠭᠠᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠬᠤᠸᠠᠷ ᠫᠤᠤᠵᠢᠩ ᠬᠠᠳᠠᠭᠠᠯᠠᠬᠤ ᠬᠠᠮᠢᠶᠠᠷᠤᠯᠲᠠ ᠶᠢᠨ ᠭᠠᠵᠠᠷ ᠤᠨ ᠳᠡᠯᠪᠡᠷᠡᠬᠦ ᠶᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠲᠦᠬᠦᠭᠡᠷᠦᠮᠵᠢ ᠶᠢ ᠨᠠᠷᠢᠨ ᠪᠠᠶᠢᠴᠠᠭᠠᠨ ᠦᠵᠡᠵᠦ ᠴᠠᠭ ᠲᠤᠬᠠᠶ ᠳᠤᠨᠢ ᠳᠡᠩᠰᠡᠯᠡᠨ ᠲᠡᠮᠳᠡᠭᠯᠡᠬᠦ  ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠤᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ  ᠴᠠᠭ ᠲᠤᠬᠠᠶ ᠳᠤᠨᠢ ᠰᠢᠢᠳᠪᠦᠷᠢᠯᠡᠬᠦ ᠶᠢ ᠱᠠᠭᠠᠷᠳᠠᠭᠰᠠᠨ ᠪᠠᠶᠢᠨ᠎ᠠ᠃      ᠪᠠᠶᠢᠴᠠᠭᠠᠯᠲᠠ ᠪᠠᠷ ᠳᠠᠮᠵᠢᠨ᠂ ᠬᠤᠸᠠᠷ ᠫᠤᠤᠵᠢᠩ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠵᠢᠷᠤᠮᠵᠢᠭᠤᠯᠵᠤ ᠬᠤᠸᠠᠷ ᠫᠤᠤᠵᠢᠩ ᠡᠵᠡᠩᠨᠡᠭᠴᠢ ᠶᠢᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ ᠠᠷᠠᠳ ᠤᠯᠠᠨ ᠤ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠵᠤ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠤᠯᠭᠠᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号