ᠤᠶᠢᠷ᠎ᠠ ᠶᠢᠨ ᠡᠳᠤᠷ᠂ ᠤᠯᠤᠰ ᠲᠥᠷᠥ ᠶᠢᠨ ᠵᠥᠪᠯᠡᠯᠭᠡᠨ ᠤ ᠥᠥᠰᠢᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢᠳ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠰᠠᠨ | ᠪᠠᠶᠢᠨ᠎ᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠬᠤᠷᠠᠯ ᠢ ᠡᠷᠭᠢᠯᠠᠵᠤ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠸᠢ ᠬᠠᠰ᠂ ᠯᠢ᠊ ᠵᠢᠷᠤᠮᠲᠤ᠂ ᠸᠠᠩ ᠭᠠᠩ᠂ | ᠤᠶᠤᠨᠪᠢᠯᠢᠭ᠌ ᠬᠤᠷᠠᠯ ᠳᠤ ᠣᠷᠣᠯᠴᠠᠵᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠠᠯᠪᠠᠨ ᠬᠡᠷ ᠤᠨ | ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠯᠲᠠ ᠶᠢᠨ ᠮᠡᠳᠡᠭᠦᠯᠦᠯᠲᠡ᠂ ᠮᠠᠨ ᠤ ᠬᠤᠰᠢᠭᠤᠨ ᠤ | ᠮᠠᠯ ᠲᠠᠷᠢᠶᠠᠯᠠᠩ ᠠᠵᠤ ᠠᠬᠤᠢ ᠶᠢᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠬᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠪᠥᠬᠦ ᠬᠤᠰᠢᠭᠤᠨ ᠤ ᠬᠡᠷᠡᠯ ᠴᠡᠨᠡᠭ ᠤᠨ ᠠᠵᠤ | ᠦᠢᠯᠡᠰ ᠤᠨ ᠬᠥᠭᠵᠢᠯᠲᠡ ᠶᠢ ᠰᠦᠪᠡᠭᠴᠢᠯᠡᠨ ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ | ᠮᠠᠨ ᠤ ᠬᠤᠰᠢᠭᠤᠨ ᠤ ᠠᠮᠢᠳᠤ ᠪᠣᠳᠠᠰ ᠤᠨ ᠮᠥᠬᠦᠯᠢᠭᠲᠦ ᠠᠵᠤ ᠦᠢᠯᠡᠰ ᠤᠨ ᠵᠣᠬᠢᠬᠤ ᠬᠡᠪᠴᠢᠶᠡᠲᠦ ᠬᠥᠭᠵᠢᠯᠲᠡ ᠶᠢ | ᠥᠷᠭᠦᠯᠵᠢᠯᠠᠨ ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠭᠤᠷᠪᠠᠨ ᠶᠡᠭᠡ ᠬᠠᠮᠲᠤᠪᠠᠷ ᠠᠰᠢᠭ ᠬᠦᠷᠲᠡᠬᠦ ᠶᠢ | ᠪᠠᠶᠠᠯᠠᠭᠦᠯᠭᠦ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠦᠤᠰᠢᠨ ᠬᠤᠰᠢᠭᠤᠨ ᠤ ᠭᠠᠯᠠᠭᠤᠲᠤ | ᠪᠠᠯᠭᠠᠰᠤᠨ ᠤ ᠵᠠᠭᠡᠯᠢ ᠨᠢᠭᠤᠷᠯᠠᠭᠰᠠᠨ ᠭᠡᠰᠡᠭ ᠤᠨ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ᠂ ᠮᠠᠨ ᠤ ᠬᠤᠰᠢᠭᠤᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠤᠨ ᠵᠥᠪᠳᠡᠯᠴᠡᠭᠡ ᠶᠢᠨ ᠮᠡᠳᠡᠭᠦᠯᠦᠯᠲᠡ᠂ ᠠᠵᠤ ᠦᠢᠯᠡᠳᠪᠦᠷᠢ ᠶᠢᠨ ᠬᠠᠶᠠᠭᠳᠠᠮᠠᠯ | ᠤᠰᠤ ᠶᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢᠨ ᠲᠤᠬᠠᠶ ᠵᠥᠪᠳᠡᠯᠴᠡᠭᠡ ᠶᠢᠨ ᠮᠡᠳᠡᠭᠦᠯᠦᠯᠲᠡ᠂ ᠮᠠᠨ ᠤ | ᠬᠤᠰᠢᠭᠤᠨ ᠤ ᠰᠠᠭᠤᠷᠢ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ | ᠵᠥᠪᠳᠡᠯᠴᠡᠭᠡ ᠶᠢᠨ ᠮᠡᠳᠡᠭᠦᠯᠥᠯᠳᠠ ᠶᠢ ᠲᠤᠰ ᠲᠤᠰ ᠶᠠᠷᠢᠯᠴᠠᠪᠠ᠃ ᠤᠯᠤᠰ ᠲᠦᠷᠦ ᠶᠢᠨ ᠵᠥᠪᠯᠡᠯᠭᠡᠨ ᠤ ᠦᠦᠰᠢᠨ | ᠬᠤᠰᠢᠭᠤᠨ ᠤ ᠬᠤᠷᠢᠶ᠎ᠠ ᠠᠴᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠠᠯᠳᠠ ᠶᠢᠨ ᠵᠥᠪᠯᠡᠯ ᠤᠨ ᠠᠵᠢᠯ ᠤᠨ | ᠲᠤᠬᠠᠢ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠠᠴᠠ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠬᠠᠢ ᠰᠠᠨᠠᠭᠤᠯᠭ᠎ᠠ ᠶᠢᠨ ᠪᠢᠴᠢᠭ᠂ | ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠥᠷᠨᠢᠭᠦᠯᠭᠦ ᠰᠠᠨᠠᠭᠤᠯᠭ᠎ᠠ ᠶᠢᠨ ᠪᠢᠴᠢᠭ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠭᠦ ᠰᠠᠨᠠᠭᠤᠯᠭ᠎ᠠ ᠶᠢᠨ ᠪᠢᠴᠢᠭ ᠢ | ᠲᠤᠰ ᠲᠤᠰ ᠶᠠᠷᠢᠯᠴᠠᠪᠠ᠃ |