ᠤᠶᠢᠷ᠎ᠠ ᠶᠢᠨ ᠡᠳᠤᠷ᠂ ᠤᠯᠤᠰ ᠲᠥᠷᠥ ᠶᠢᠨ ᠵᠥᠪᠯᠡᠯᠭᠡᠨ ᠤ ᠥᠥᠰᠢᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠭᠡᠰᠢᠭᠦᠳ ᠤᠨ ᠵᠢᠷᠭᠤᠳᠤᠭᠠᠷ ᠤᠳᠠᠭᠠᠨ ᠤ ᠬᠤᠷᠠᠯ | ᠬᠤᠷᠠᠯᠳᠤᠵᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠬᠤᠷᠠᠯ ᠢ ᠡᠷᠬᠢᠯᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠭᠡᠯᠳᠡᠰ ᠤᠨ ᠲᠠᠷᠤᠭ᠎ᠠ | ᠠᠯᠲᠠᠨᠲᠤᠶᠠᠭ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠸᠢ ᠬᠠᠰ᠂ ᠯᠢ᠊ ᠵᠢᠷᠤᠮᠳᠤ᠂ | ᠸᠠᠩ ᠭᠠᠩ᠂ ᠤᠶᠤᠨᠪᠢᠯᠢᠭ᠌ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠠᠯᠪᠠᠨ | ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠬᠡᠷ ᠪᠣᠯᠤᠨ ᠬᠤᠰᠢᠭᠤ ᠰᠢᠭᠤᠳ | ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ 2019 ᠣᠨ ᠤ ᠪᠠᠶᠢᠴᠠᠭᠠᠨ ᠦᠵᠡᠬᠦ᠂ ᠪᠠᠶᠢᠴᠠᠭᠠᠨ ᠰᠤᠳᠤᠯᠤᠯᠲᠠ ᠬᠢᠬᠦ᠂ ᠵᠥᠪᠳᠡᠯᠴᠠᠭᠦ | ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠮᠡᠳᠡᠭᠦᠯᠦᠯᠲᠡ ᠶᠢ ᠬᠢᠨᠠᠨ ᠪᠠᠲᠤᠯᠠᠪᠠ᠃ ᠪᠥᠬᠦ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠡᠷᠡᠭᠵᠢᠭᠦᠯᠥᠭᠰᠠᠨ ᠪᠠᠶᠢᠳᠠᠯ ᠤᠨ | ᠪᠠᠶᠢᠴᠠᠭᠠᠯᠲᠠ ᠶᠢᠨ ᠮᠡᠳᠡᠭᠦᠯᠦᠯᠲᠡ᠂ ᠮᠠᠨ ᠤ ᠬᠤᠰᠢᠭᠤᠨ ᠤ ᠮᠠᠯ ᠲᠠᠷᠢᠶᠠᠯᠠᠩ ᠠᠵᠤ ᠠᠬᠤᠶ ᠶᠢᠨ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠲᠤᠬᠠᠶ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ᠂ ᠪᠥᠬᠦ ᠬᠤᠰᠢᠭᠤᠨ ᠤ ᠬᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠰᠦᠪᠡᠭᠴᠢᠯᠡᠨ | ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠮᠠᠨ ᠤ ᠬᠤᠰᠢᠭᠤᠨ ᠤ ᠠᠮᠢᠳᠤ ᠪᠣᠳᠠᠰ ᠤᠨ | ᠮᠥᠬᠦᠯᠢᠭᠲᠦ ᠠᠵᠤ ᠦᠢᠯᠡᠰ ᠤᠨ ᠵᠣᠬᠢᠬᠤ ᠬᠡᠪᠴᠢᠶᠡᠲᠦ ᠬᠥᠭᠵᠢᠯᠲᠡ ᠶᠢ ᠥᠷᠭᠦᠯᠵᠢᠯᠠᠨ ᠠᠬᠢᠭᠤᠯᠵᠤ ᠮᠠᠯᠵᠢᠬᠤ | ᠲᠠᠷᠢᠶᠠᠯᠠᠬᠤ ᠣᠷᠣᠨ ᠤ ᠭᠤᠷᠪᠠᠨ ᠶᠡᠭᠡ ᠬᠠᠮᠲᠤᠪᠠᠷ ᠠᠰᠢᠭ ᠬᠦᠷᠲᠡᠬᠦ ᠶᠢ ᠪᠠᠶᠠᠯᠠᠭᠦᠯᠭᠦ ᠲᠤᠬᠠᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ᠂ ᠦᠤᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠵᠠᠭᠡᠯᠢ ᠨᠢᠭᠤᠷᠯᠠᠭᠰᠠᠨ | ᠭᠡᠰᠡᠭ ᠤᠨ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠮᠠᠨ ᠤ ᠬᠤᠰᠢᠭᠤᠨ ᠤ ᠡᠮ | ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠵᠥᠪᠳᠡᠯᠴᠡᠭᠡ ᠶᠢᠨ | ᠮᠡᠳᠡᠭᠦᠯᠦᠯᠲᠡ᠂ ᠠᠵᠤ ᠦᠶ᠋ᠯᠡᠳᠪᠦᠷᠢ ᠶᠢᠨ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢᠨ | ᠲᠤᠬᠠᠶ ᠵᠥᠪᠳᠡᠯᠴᠡᠭᠡ ᠶᠢᠨ ᠮᠡᠳᠡᠭᠦᠯᠦᠯᠲᠡ᠂ ᠮᠠᠨ ᠤ ᠬᠤᠰᠢᠭᠤᠨ ᠤ ᠰᠠᠭᠤᠷᠢ ᠨᠡᠶᠢᠭᠡᠮ ᠤᠨ ᠵᠠᠰᠠᠯᠲᠠ ᠶᠢᠨ ᠰᠢᠨ᠎ᠡ ᠶᠢ | ᠡᠭᠦᠳᠬᠦ ᠬᠥᠭᠵᠢᠯᠲᠡ ᠶᠢ ᠠᠬᠢᠭᠤᠯᠬᠤ ᠵᠥᠪᠳᠡᠯᠴᠡᠭᠡ ᠶᠢᠨ ᠮᠡᠳᠡᠭᠦᠯᠥᠯᠳᠠ ᠶᠢ ᠲᠤᠰ ᠲᠤᠰ ᠭᠢᠨᠠᠨ ᠪᠠᠳᠤᠯᠠᠪᠠ᠃ | ᠤᠯᠤᠰ ᠲᠦᠷᠦ ᠶᠢᠨ ᠵᠥᠪᠯᠡᠯᠭᠡᠨ ᠠᠴᠠ ᠬᠤᠰᠢᠭᠤ ᠬᠥᠭᠵᠢᠭᠦᠯᠦᠯᠲᠡ ᠪᠠ ᠥᠭᠡᠷᠡᠴᠢᠯᠠᠯᠳᠠ ᠶᠢᠨ ᠵᠥᠪᠯᠡᠯ ᠳᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠭᠦ ᠰᠠᠨᠠᠭᠤᠯᠭ᠎ᠠ ᠶᠢᠨ ᠪᠢᠴᠢᠭ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠰᠠᠨᠠᠭᠤᠯᠭ᠎ᠠ ᠶᠢᠨ ᠪᠢᠴᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠬᠠᠢ ᠰᠠᠨᠠᠭᠤᠯᠭ᠎ᠠ ᠶᠢᠨ ᠪᠢᠴᠢᠭ᠂ | ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠥᠷᠨᠢᠭᠦᠯᠭᠦ ᠰᠠᠨᠠᠭᠤᠯᠭ᠎ᠠ ᠶᠢᠨ ᠪᠢᠴᠢᠭ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠭᠦ ᠰᠠᠨᠠᠭᠤᠯᠭ᠎ᠠ ᠶᠢᠨ ᠪᠢᠴᠢᠭ ᠢ | ᠲᠤᠰ ᠲᠤᠰ ᠭᠢᠨᠠᠨ ᠪᠠᠳᠤᠯᠠᠪᠠ᠃ | ᠬᠤᠷᠠᠯ ᠢᠶᠠᠷ ᠪᠠᠰᠠ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ | ᠪᠠᠭᠤᠯᠭᠠᠬᠤ ᠶᠠᠪᠤᠳᠠᠯ ᠪᠣᠯᠤᠨ ᠭᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠨᠡᠮᠡᠵᠦ ᠨᠥᠬᠦᠪᠥᠷᠢᠯᠡᠬᠦ | ᠶᠠᠪᠤᠳᠠᠯ ᠢ ᠭᠢᠨᠠᠨ ᠪᠠᠳᠤᠯᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠭᠦ | ᠭᠡᠰᠢᠭᠦᠳ ᠤᠨ ᠬᠤᠷᠠᠯ ᠤᠨ ᠪᠡᠯᠡᠳᠭᠡᠯ ᠠᠵᠢᠯ ᠢ ᠶᠠᠷᠢᠯᠴᠠᠨ ᠰᠤᠳᠤᠯᠪᠠ᠃ | ᠬᠤᠤ ᠸᠧᠢ ᠱᠠᠭᠠᠷᠳᠠᠭᠤ ᠳᠤ ᠪᠠᠨ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠳᠠᠯ ᠦᠭᠡᠢ ᠬᠤᠷᠠᠯᠳᠤᠬᠤ ᠭᠡᠵᠦ | ᠪᠠᠶᠢᠭ᠎ᠠ ᠪᠤᠯᠬᠤᠷ ᠪᠠᠶᠢᠩᠭᠤ ᠶᠢᠨ ᠭᠡᠰᠢᠭᠦᠳ ᠲᠠᠨᠢᠯᠲᠠ ᠪᠠᠨ ᠤᠯᠠᠮ ᠳᠡᠭᠡᠭᠰᠢᠯᠡᠭᠦᠯᠵᠦ ᠬᠤᠷᠠᠯ ᠠᠴᠠ ᠡᠮᠦᠨᠡᠬᠢ | ᠪᠡᠯᠡᠳᠬᠡᠯ ᠠᠵᠢᠯ ᠢ ᠰᠠᠶᠢᠲᠤᠷ ᠬᠢᠨ ᠠᠯᠪᠠᠨ ᠭᠡᠷ ᠪᠣᠯᠤᠨ ᠡᠯ᠎ᠡ ᠲᠤᠰᠬᠠᠶ ᠺᠣᠮᠢᠰ ᠡᠯ᠎ᠡ ᠵᠦᠢᠯ ᠤᠨ ᠠᠵᠢᠯ ᠢᠶᠠᠨ | ᠨᠠᠷᠢᠨ ᠭᠢᠵᠤ ᠤᠯᠤᠰ ᠲᠥᠷᠥ ᠶᠢᠨ ᠵᠥᠪᠯᠡᠯᠭᠡᠨ ᠤ ᠦᠤᠰᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠤᠨ ᠤᠷᠤᠭᠰᠢᠲᠠᠶ ᠬᠤᠷᠠᠯᠳᠤᠬᠤ ᠶᠢ ᠦᠨᠡᠨᠬᠦ ᠪᠠᠲᠤᠯᠠᠬᠤ ᠶᠢᠨ | ᠬᠠᠮᠲᠤ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯᠡᠰ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ | ᠭᠡᠵᠡᠢ᠃ |