1 ᠰᠠᠷ᠎ᠠ ᠶᠢᠨ 16 ᠤ ᠡᠳᠦᠷ᠂ ᠬᠤᠳᠠ ᠠᠴᠠ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ | ᠪᠣᠭᠤᠮᠳᠠ ᠰᠢᠪᠳᠣᠯᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠬᠠᠷᠢᠭᠤ ᠳᠣᠰᠬᠠᠯᠳᠠ ᠶᠢᠨ ᠬᠤᠷᠠᠯ | ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠯᠣᠰ ᠳᠦᠷᠦ ᠬᠠᠣᠯᠢ ᠴᠠᠭᠠᠵᠠ ᠶᠢᠨ ᠬᠤᠷᠢᠶᠠᠨ | ᠤ ᠱᠦᠵᠢ ᠰᠣᠷᠭᠠᠯᠳᠣ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠡᠯ᠎ᠡ ᠪᠦᠷᠢᠯᠳᠦᠬᠦᠨ | ᠪᠠᠶᠢᠭᠤᠯᠭ᠎ᠠ ᠨᠢᠭᠡᠴᠢ ᠵᠢᠴᠢ ᠬᠤᠳᠠ ᠶᠢᠨ ᠰᠢᠯᠭᠠᠨ ᠦᠨᠡᠯᠡᠬᠦ ᠬᠤᠶᠠᠳᠣᠭᠠᠷ ᠳᠣᠭᠤᠶᠢᠯᠠᠩ ᠤᠨ ᠪᠦᠬᠦ ᠬᠡᠰᠢᠬᠦᠨ | ᠬᠤᠷᠠᠯ ᠳᠤ ᠣᠷᠣᠯᠴᠠᠪᠠ᠃ | ᠬᠤᠳᠠ ᠶᠢᠨ ᠰᠢᠯᠭᠠᠨ ᠦᠨᠡᠯᠡᠬᠦ ᠳᠣᠭᠤᠶᠢᠯᠠᠩ ᠤᠨ ᠬᠢᠨ᠂ ᠦᠦᠰᠢᠨ ᠬᠤᠰᠢᠭᠤ ᠣᠯᠣᠰ ᠳᠦᠷᠦ ᠶᠢᠨ | ᠦᠨᠳᠦᠷ ᠵᠣᠭᠰᠣᠴᠠ ᠠᠴᠠ ᠪᠦᠲᠦᠮᠵᠢᠳᠡᠢ ᠠᠷᠭ᠎ᠠ ᠪᠠᠷᠢᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ | ᠰᠢᠪᠳᠣᠯᠬᠤ ᠠᠵᠢᠯ ᠢ ᠬᠦᠴᠦᠳᠡᠢ ᠠᠬᠢᠭᠤᠯᠵᠠᠢ᠂ ᠬᠡᠪᠡᠴᠦ ᠵᠠᠷᠢᠮ ᠳᠠᠩᠰᠠ ᠮᠠᠲ᠋ᠧᠷᠢᠶᠠᠯ ᠪᠠ ᠳᠦᠷᠦᠯ ᠵᠦᠢᠯ ᠤᠨ | ᠪᠠᠷᠢᠮᠳᠠ ᠬᠦᠢᠴᠡᠳ ᠪᠣᠰᠣ ᠵᠡᠷᠭᠡ ᠠᠰᠠᠭᠤᠳᠠᠯ ᠣᠷᠣᠰᠢᠵᠦ ᠪᠠᠶᠢᠨ᠎ᠠ ᠬᠡᠪᠡ᠃ | ᠰᠣᠷᠭᠠᠯᠲᠣ ᠢᠯᠡᠷᠬᠡᠶᠢᠯᠡᠬᠦ ᠳᠡᠭᠡᠨ᠂ ᠬᠤᠳᠠ ᠶᠢᠨ ᠰᠢᠯᠭᠠᠨ ᠦᠨᠡᠯᠡᠬᠦ ᠳᠣᠭᠤᠶᠢᠯᠠᠩ ᠤᠨ ᠬᠢᠨ ᠳᠦᠢᠯ ᠤᠨ | ᠣᠨᠣᠪᠴᠢᠳᠠᠢ ᠵᠦᠢ ᠶᠣᠰᠣᠨ ᠤ ᠰᠠᠨᠠᠭᠤᠯᠭ᠎ᠠ ᠳᠣᠷᠠᠳᠴᠦ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ | ᠪᠣᠭᠤᠮᠳᠠ ᠰᠢᠪᠳᠣᠯᠬᠤ ᠠᠵᠢᠯ ᠤᠨ ᠶᠡᠷᠦᠩᠬᠡᠢ ᠪᠠᠶᠢᠳᠠᠯ ᠢ ᠳᠣᠰᠬᠠᠵᠠᠢ᠃ ᠪᠢᠳᠠ ᠬᠤᠳᠠ ᠶᠢᠨ ᠰᠢᠯᠭᠠᠨ ᠦᠨᠡᠯᠡᠬᠦ | ᠳᠣᠭᠤᠶᠢᠯᠠᠩ ᠤᠨ ᠳᠣᠰᠬᠠᠭᠰᠠᠨ ᠰᠠᠨᠠᠯ ᠰᠠᠨᠠᠭᠤᠯᠭ᠎ᠠ ᠶᠢ ᠬᠢᠴᠢᠶᠡᠩᠬᠦᠢ ᠪᠠᠷ ᠬᠦᠯᠢᠶᠡᠵᠦ ᠪᠠᠶᠢᠴᠠᠭᠠᠨ ᠰᠣᠳᠣᠯᠣᠯᠲᠠ | ᠬᠢᠵᠦ ᠠᠷᠭ᠎ᠠ ᠪᠠᠷᠢᠯ ᠢᠶᠠᠨ ᠨᠠᠷᠢᠯᠢᠭᠵᠢᠭᠤᠯᠵᠦ ᠡᠬᠦᠷᠭᠡ ᠬᠠᠷᠢᠭᠤᠴᠠᠯᠭ᠎ᠠ ᠪᠠᠨ ᠴᠢᠩᠭ᠎ᠠ ᠲᠤᠭᠤᠰᠢᠯᠠᠭᠤᠯᠤᠨ ᠵᠢᠯ ᠤᠨ | ᠡᠬᠢᠨ ᠳᠤ ᠳᠣᠭᠳᠠᠭᠠᠭᠰᠠᠨ ᠡᠬᠦᠷᠭᠡ ᠪᠠᠨ ᠳᠣᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠣᠯᠠᠨ᠎ᠠ ᠬᠡᠪᠡ᠃ | ᠬᠤᠷᠠᠯ ᠤᠨ ᠳᠠᠷᠠᠭ᠎ᠠ ᠰᠣᠷᠭᠠᠯᠲᠣ ᠠᠴᠠ ᠡᠯ᠎ᠡ ᠰᠣᠮᠣ ᠪᠠᠯᠭᠠᠰᠣ ᠪᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ ᠠᠵᠢᠯ | ᠤᠨ ᠪᠠᠶᠢᠷᠢᠯᠠᠭᠤᠯᠣᠯᠲᠠ ᠬᠢᠵᠦ ᠳᠣᠰᠬᠠᠭᠰᠠᠨ ᠠᠰᠠᠭᠤᠳᠠᠯ ᠢ ᠴᠠᠭᠠᠨ ᠰᠠᠷ᠎ᠠ ᠠᠴᠠ ᠡᠮᠦᠨ᠎ᠡ ᠡᠷᠬᠡᠪᠰᠢ ᠪᠦᠬᠦᠳᠡ ᠶᠢ | ᠴᠡᠭᠴᠡᠯᠡᠨ ᠵᠠᠰᠠᠬᠤ ᠬᠡᠷᠡᠭᠲᠡᠢ ᠭᠡᠵᠤ ᠴᠢᠬᠤᠯᠠᠴᠢᠯᠠᠪᠠ᠃ | |