ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-22
     1 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠵᠢᠴᠢ ᠬᠤᠰᠢᠭᠤ ᠨᠠᠮ ᠤᠨ ᠬᠤᠷᠢᠶᠠᠨ ᠤ ᠡᠯ᠎ᠠ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠪᠥᠬᠦᠳᠡ ᠬᠤᠷᠠᠯ ᠤᠨ ᠠᠯᠪᠠᠨ ᠮᠡᠳᠡᠭᠡ︾᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠭᠤᠯᠬᠤ ᠶᠢ ᠰᠠᠶᠢᠲᠤᠷ ᠠᠳᠬᠤᠵᠤ ᠥᠷᠭᠡᠨ ᠤᠯᠠᠨ ᠨᠠᠮ ᠤᠨ ᠭᠡᠰᠢᠭᠦᠨ ᠪᠣᠯᠤᠨ ᠺᠠᠳ᠋ᠷ ᠤᠯᠠᠨ ᠲᠦᠮᠡᠨ ᠢ ᠭᠥᠳᠤᠯᠤᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ  ᠪᠠᠨ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠤᠯᠠᠨ ᠲᠦᠮᠡᠨ ᠳᠤ ᠤᠯᠠᠮᠵᠢᠯᠠᠨ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠡᠷᠳᠡᠨᠢᠪᠢᠯᠢᠭ  ᠴᠢᠬᠤᠯᠠᠴᠢᠯᠠᠭᠰᠠᠨ ᠨᠢ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠬᠠᠤᠯᠢ ᠶᠢ ᠵᠥᠷᠢᠴᠡᠭᠰᠡᠨ ᠡᠯ᠎ᠡ ᠲᠥᠷᠤᠯ ᠤᠨ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠷᠠᠳ ᠣᠯᠠᠨ ᠤ  ᠠᠶᠤᠯᠭᠦᠢ ᠢᠳᠡᠭᠡᠨ ᠢᠳᠡᠭᠦ ᠶᠢ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠨᠡᠭᠦᠷᠡᠰᠦ᠂ ᠪᠠᠶᠢᠭᠠᠯᠢ ᠶᠢᠨ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ᠂ ᠬᠤᠸᠠᠷ ᠫᠤᠤᠵᠢᠩ᠂ ᠠᠶᠤᠯᠲᠠᠢ ᠬᠢᠮᠢ ᠶᠢᠨ ᠪᠣᠳᠠᠰ᠂ ᠤᠰᠤ ᠴᠠᠬᠢᠯᠭᠠᠨ ᠬᠡᠢ ᠢᠯᠴᠢ᠂ ᠬᠥᠮᠦᠨ ᠲᠥᠪᠯᠡᠷᠡᠭᠰᠡᠨ ᠲᠠᠯᠠᠪᠤᠷ ᠵᠡᠷᠭᠡ ᠭᠤᠣᠯᠳᠠᠯᠭ᠎ᠠ ᠲᠠᠢ ᠬᠦᠷᠢᠶᠡᠨ  ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠭᠠᠳᠬᠠᠬᠤ ᠶᠢ ᠪᠠᠷᠢᠮᠳᠠᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠲᠥᠪ ᠤᠨ ᠨᠠᠢᠮᠠᠨ ᠲᠥᠷᠤᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠴᠢᠩᠭ᠎ᠠ ᠭᠡᠷᠡᠭᠵᠢᠭᠦᠯᠤᠨ ᠡᠩᠨᠡᠭᠡ ᠪᠠᠨ ᠰᠠᠶᠢᠲᠤᠷ  ᠲᠠᠭᠠᠭᠤᠯᠵᠤ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ᠂ ᠠᠯᠪᠠᠨ ᠤ ᠵᠣᠭᠤᠰ ᠢᠶᠠᠷ ᠪᠡᠯᠡᠭ ᠬᠦᠷᠭᠡᠬᠦ ᠶᠢ ᠴᠢᠩᠭ᠎ᠠ ᠴᠠᠭᠠᠵᠠᠯᠠᠵᠤ ᠠᠷᠢᠭᠤᠨ ᠴᠢᠬᠡᠴᠢ ᠪᠠᠷ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠢ᠃ ᠤᠯᠠᠨ ᠲᠦᠮᠡᠨ ᠤ ᠠᠮᠤᠷ ᠲᠦᠪᠰᠢᠨ ᠳᠥᠭᠦᠮ ᠳᠥᠲᠡ ᠬᠠᠨᠤᠮᠵᠢᠲᠠᠢ ᠠᠶᠠᠯᠠᠬᠤ ᠶᠢ ᠪᠠᠳᠤᠯᠠᠨ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠬᠦᠨᠳᠦ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠵᠢᠵᠢᠭᠦᠷᠯᠠᠭᠦ ᠠᠵᠢᠯ ᠢ ᠬᠢᠨᠠᠮᠠᠭᠠᠶ ᠬᠢᠵᠦ 24 ᠴᠠᠭ ᠢᠶᠠᠷ ᠲᠤᠰᠬᠠᠢ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠵᠢᠵᠢᠭᠦᠷ ᠳᠠᠭᠠᠭᠤᠯᠬᠤ᠂ ᠭᠠᠳᠠᠭᠰᠢ ᠭᠠᠷᠪᠠᠯ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠡᠯ᠎ᠡ ᠲᠥᠷᠤᠯ ᠤᠨ ᠠᠵᠢᠯ ᠤᠨ ᠬᠡᠪ ᠢᠶᠠᠷ ᠶᠠᠪᠤᠭᠳᠠᠬᠤ ᠶᠢ ᠪᠠᠳᠤᠯᠠᠨ ᠪᠥᠭᠦ ᠬᠤᠰᠢᠭᠤᠨ ᠤ ᠥᠷᠭᠡᠨ ᠣᠯᠠᠨ ᠲᠦᠮᠡᠨ ᠤ ᠪᠠᠶᠠᠷ ᠬᠥᠷ ᠲᠠᠢ᠂ ᠠᠮᠤᠷ ᠲᠠᠶᠢᠪᠤᠩ  ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号