ᠮᠠᠨ ᠤ ᠬᠤᠰᠢᠭᠤ ᠮᠣᠩᠭᠤᠯ ᠪᠦᠬᠡ ᠪᠠᠨ ᠣᠯᠠᠮᠵᠢᠯᠠᠨ ᠬᠦᠭᠵᠢᠬᠦᠯᠬᠦ ᠬᠠᠮᠳᠣ ᠶᠢᠨ ᠰᠢᠨ᠎ᠠ ᠶᠢᠨ ᠨᠠᠶᠢᠷ ᠬᠢᠯ᠎ᠠ
ᠨᠡᠶᠢᠲᠡᠯᠡᠭᠰᠡᠨ ᠴᠠᠭ᠄
2020-01-22
     ᠰᠢᠨ᠎ᠠ ᠵᠢᠯ ᠴᠠᠭᠠᠨ ᠰᠠᠷ᠎ᠠ ᠬᠦᠷᠴᠣ ᠢᠷᠡᠬᠦ ᠪᠠᠷ᠂ ᠦᠥᠰᠢᠨ ᠬᠤᠰᠢᠭᠤᠨ ᠤ ᠪᠦᠬᠡ ᠶᠢᠨ ᠨᠡᠶᠢᠬᠡᠮᠯᠢᠭ ᠤᠨ  ᠬᠢᠨ ᠮᠤᠩᠭᠤᠯ ᠪᠦᠭᠡᠴᠤᠳ ᠤᠨ ᠬᠠᠮᠳᠣ ᠶᠢᠨ ᠰᠢᠨ᠎ᠠ ᠶᠢᠨ ᠨᠠᠶᠢᠷ ᠢ ᠡᠷᠬᠢᠯᠡᠨ ᠬᠢᠵᠣ ᠮᠣᠩᠭᠤᠯ ᠪᠦᠬᠡ ᠶᠢᠨ ᠴᠤᠭ ᠵᠣᠯᠪᠣᠭ᠎ᠠ᠂ ᠮᠣᠷᠢᠳᠡᠨ ᠦᠨᠳᠣᠰᠣᠳᠡᠨ ᠤ ᠮᠣᠬᠤᠰᠢ ᠦᠬᠡᠢ ᠰᠢᠨᠳᠡᠰᠣ ᠪᠠᠷ ᠰᠢᠨ᠎ᠠ ᠵᠢᠯ ᠢᠶᠠᠨ ᠣᠳᠬ᠎ᠠ ᠳᠡᠬᠦᠯᠳᠡᠷ ᠳᠡᠮᠳᠡᠭᠯᠡᠯ᠎ᠠ᠃  ᠲᠤᠰ ᠤᠳᠠᠭᠠᠨ ᠤ ᠨᠠᠶᠢᠷ ᠲᠤ ᠪᠦᠬᠡ ᠶᠢᠨ ᠨᠡᠶᠢᠬᠡᠮᠯᠢᠭ ᠪᠤᠯᠤᠨ ᠮᠤᠩᠭᠤᠯ ᠪᠦᠬᠡ ᠳᠤ ᠪᠠᠭ᠋ᠠᠲᠠᠢ ᠬᠦᠮᠦᠰ ᠢ ᠪᠠᠭᠲᠠᠭᠠᠭᠰᠠᠨ ᠨᠡᠶᠢᠲᠡ 96 ᠬᠦᠮᠦᠨ ᠤᠷᠤᠯᠴᠠᠵᠤ ᠮᠤᠩᠭᠤᠯ ᠪᠦᠬᠡ ᠶᠢᠨ ᠨᠠᠶᠢᠷ ᠪᠤᠯᠤᠨ ᠵᠠᠯᠠᠭᠤᠴᠤᠳ ᠢ ᠤᠷᠮᠠᠰᠢᠭᠤᠯᠤᠭᠰᠠᠨ ᠲᠤᠬᠤᠮ ᠤᠨ ᠨᠠᠶᠢᠷ ᠵᠡᠷᠭᠡ ᠬᠤᠶᠠᠷ ᠲᠦᠷᠦᠯ ᠤᠨ ᠬᠡᠯᠪᠡᠷᠢ ᠪᠠᠷ ᠶᠠᠪᠤᠭᠳᠠᠵᠤ ᠪᠦᠬᠡᠴᠤᠳ ᠦᠪᠡᠷ ᠦᠪᠡᠷ ᠤᠨ ᠮᠤᠩᠭᠤᠯ ᠪᠦᠬᠡ  ᠪᠠᠷᠢᠯᠳᠤᠬᠤ ᠤᠷ᠎ᠠ ᠠᠪᠢᠶᠠᠰ ᠢᠶᠠᠨ ᠪᠡᠳᠡᠷᠡᠭᠤᠯᠵᠣ ᠬᠤᠷᠴᠠ ᠰᠢᠷᠦᠬᠦᠨ ᠪᠠᠷᠢᠯᠳᠤᠭᠠᠨ ᠢᠶᠠᠷ ᠲᠠᠮᠵᠢᠵᠤ ᠮᠤᠩᠭᠤᠯ ᠪᠦᠬᠡ ᠶᠢᠨ ᠨᠠᠶᠢᠷ ᠪᠤᠯᠤᠨ ᠵᠠᠯᠠᠭᠤᠴᠤᠳ ᠢ ᠤᠷᠮᠠᠰᠢᠭᠤᠯᠤᠭᠰᠠᠨ ᠲᠤᠬᠤᠮ  ᠤᠨ ᠨᠠᠶᠢᠷ ᠤᠨ ᠲᠠᠷᠢᠭᠦᠨ ᠨᠠᠷ᠎ᠠ ᠳᠤ ᠬᠠᠯᠠᠭᠤᠨ ᠬᠤᠰᠢᠭᠤᠲᠤ ᠬᠤᠨᠢ ᠪᠣᠯᠣᠨ ᠲᠡᠳ᠋ ᠠᠴᠠ ᠨᠠᠢᠮᠠᠳᠤᠭᠠᠷ ᠨᠠᠷ᠎ᠠ ᠳᠤ ᠲᠤᠳᠤᠷᠠᠭᠰᠠᠳ ᠢ ᠲᠤᠰ ᠲᠤᠰ ᠵᠤᠭᠤᠰ ᠢᠶᠠᠷ ᠱᠠᠩᠨᠠᠨ ᠭᠦᠬᠢᠬᠦᠯᠦᠭᠰᠡᠨ ᠪᠠᠶᠢᠨ᠎ᠠ᠃      ᠦᠥᠰᠢᠨ ᠬᠤᠰᠢᠭᠤᠨ ᠤ ᠪᠦᠬᠡ ᠶᠢᠨ ᠨᠡᠶᠢᠬᠡᠮᠯᠢᠭ ᠨᠢ 2011 ᠤᠨ ᠳᠤ ᠪᠠᠶᠢᠭᠤᠯᠤᠭᠳᠠᠭᠰᠠᠨ ᠠᠴᠠ ᠨᠠᠰᠢ᠂ ᠭᠡᠰᠢᠭᠦᠣᠨ ᠤᠨ ᠢᠶᠠᠨ ᠪᠦᠬᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠠᠷ ᠲᠤᠰᠠᠬᠠᠶᠢᠯᠠᠨ ᠪᠦᠬᠡ ᠶᠢᠨ ᠮᠡᠷᠭᠡᠵᠢᠯ  ᠤᠨ ᠪᠠᠭᠰᠢ ᠶᠢ ᠤᠷᠢᠵᠤ ᠰᠤᠷᠢᠶ᠎ᠠ ᠪᠤᠯᠪᠠᠰᠤᠷᠠᠯ ᠢᠶᠠᠨ ᠴᠢᠩᠭᠠᠳᠬᠠᠭᠰᠠᠨ ᠢᠶᠠᠷ ᠮᠠᠨ ᠤ ᠣᠷᠣᠨ ᠤ ᠪᠠᠷᠠᠭᠤᠨ ᠲᠦᠷᠪᠡᠨ ᠠᠶᠢᠮᠠᠭ ᠬᠤᠲᠠ ᠶᠢᠨ ᠨᠠᠶᠢᠷ ᠲᠤ ᠣᠯᠠᠨᠳᠠ ᠳᠡᠷᠢᠬᠦᠯᠡᠭᠰᠠᠨ ᠪᠠᠶᠢᠨ᠎ᠠ᠃ ᠣᠨᠴᠠᠭᠠᠶᠢᠯᠠᠨ ᠪᠦᠬᠡᠴᠢᠨ ᠦᠷᠭᠡᠨᠳᠠᠯᠠᠢ 2019 ᠤᠨ ᠳᠤ ᠪᠤᠯᠤᠭᠰᠠᠨ ᠪᠦᠬᠦ ᠤᠷᠤᠨ ᠤ ᠭᠤᠷᠪᠠᠳᠤᠭᠠᠷ ᠬᠤᠭᠤᠴᠠᠭᠠᠨ ᠤ ︽ᠦᠪᠤᠷ ᠮᠤᠩᠭᠤᠯ︾ ᠬᠤᠨᠳᠠᠭᠠᠳᠤ ᠮᠤᠩᠭᠤᠯ ᠪᠦᠬᠡ ᠶᠢᠨ ᠤᠷᠤᠯᠳᠤᠭᠠᠨ ᠤ ᠬᠤᠪᠢ ᠬᠦᠮᠤᠨ ᠤ ᠮᠠᠩᠯᠠᠢ ᠰᠢᠯᠭᠠᠷᠠᠭᠤᠯᠬᠤ ᠪᠠᠷᠢᠯᠳᠤᠭᠠᠨ ᠳᠤ ︽ᠤᠷᠤᠨ ᠤ ᠨᠠᠴᠢᠨ︾ ᠴᠤᠯᠠ ᠬᠠᠮᠠᠭᠠᠯᠠᠨ ᠤᠷᠳᠤᠰ ᠤᠨ ᠬᠠᠮᠤᠭ ᠤᠨ ᠠᠩᠬᠠᠨ ᠤ ᠤᠷᠤᠨ ᠤ ᠴᠤᠯᠠ ᠲᠠᠢ ᠪᠦᠬᠡ ᠪᠣᠯᠵᠣ ᠦᠣᠰᠢᠨ ᠪᠦᠬᠡᠴᠣᠣᠨ ᠲᠤ ᠪᠠᠨ ᠳᠠᠭᠤᠷᠢᠶᠠᠯ ᠪᠣᠯᠣᠭᠰᠠᠨ ᠪᠠᠶᠢᠨ᠎ᠠ᠃  ᠦᠣᠰᠢᠨ ᠬᠤᠰᠢᠭᠤᠨ ᠤ ᠮᠤᠩᠭᠤᠯ  ᠪᠦᠬᠡ ᠶᠢᠨ ᠨᠡᠶᠢᠬᠡᠮᠯᠢᠭ ᠨᠢ ᠣᠶᠢᠷ᠎ᠠ ᠶᠢᠨ ᠵᠢᠯ ᠠᠴᠠ ᠨᠠᠰᠢ ᠪᠠᠰᠠ ᠪᠦᠬᠡ ᠶᠢᠨ ᠰᠣᠶᠣᠯ  ᠢ ᠰᠣᠷᠣᠭᠴᠢᠳ ᠲᠤ ᠣᠯᠠᠮᠵᠢᠯᠠᠨ ᠳᠡᠯᠭᠡᠷᠡᠬᠦᠯᠬᠦ ᠪᠠᠷ ᠤᠷᠳᠤᠰ ᠬᠤᠲᠠ ᠶᠢᠨ ᠮᠣᠩᠭᠤᠯ ᠬᠤᠶᠠᠳᠣᠭᠠᠷ ᠲᠤᠮᠳᠠᠲᠤ ᠰᠤᠷᠭᠠᠭᠤᠯᠢ ᠳᠤ  ᠵᠢᠤᠳᠤᠤ ᠪᠦᠬᠡ ᠶᠢᠨ ᠰᠠᠭᠤᠷᠢᠨ ᠭᠠᠵᠠᠷ ᠢ ᠪᠠᠶᠢᠭᠤᠯᠵᠤ ᠰᠤᠷᠤᠭᠴᠢᠳ ᠲᠤ ᠪᠦᠬᠡ ᠶᠢᠨ ᠮᠡᠷᠭᠡᠵᠢᠯ ᠤᠨ ᠲᠠᠯ᠎ᠠ ᠳᠤ ᠪᠤᠯᠪᠠᠰᠤᠷᠠᠯ ᠬᠦᠷᠲᠡᠭᠡᠵᠤ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号