ᠮᠠᠨ ᠤ ᠬᠤᠰᠢᠭᠤᠨ ᠤ ᠵᠤᠬᠢᠶᠠᠯᠴᠢᠳ ᠤᠨ ᠨᠡᠶᠢᠬᠡᠮᠯᠢᠭ ᠤᠨ ᠬᠢᠨ ᠰᠢᠨ᠎ᠡ ᠵᠢᠯ ᠢᠶᠠᠨ ᠤᠬᠳᠤᠬᠤ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020-01-22
     ᠤᠢᠢᠷ᠎ᠠ ᠶᠢᠨ ᠡᠳᠤᠷ᠂ ᠳᠤᠭ ᠪᠠᠯᠭᠠᠰᠤᠨ ᠤ ᠬᠤᠸᠠᠳᠤᠯᠤᠭᠠᠢ ᠭᠠᠴᠠᠭᠠᠨ ᠳᠤ ᠬᠦᠭᠵᠢᠶᠡᠨ ᠨᠠᠷᠬᠢᠶᠠᠨ ᠢᠶᠠᠷ ᠪᠢᠯᠬᠠᠵᠦ᠂ ᠮᠠᠨ ᠤ ᠬᠤᠰᠢᠭᠤᠨ ᠤ ᠵᠤᠬᠢᠶᠠᠯᠴᠢᠳ ᠤᠨ ᠨᠡᠶᠢᠬᠡᠮᠯᠢᠭ ᠤᠨ ᠬᠡᠰᠢᠬᠦᠳ ᠪᠤᠯᠤᠨ ᠵᠤᠬᠢᠶᠠᠯ ᠪᠦᠳᠦᠬᠡᠯ ᠳᠤ ᠳᠤᠷ᠎ᠠ ᠪᠠᠭ᠋ᠠᠳᠠᠢ ᠬᠦᠮᠦᠰ ᠬᠤᠷᠠᠨ ᠴᠤᠭᠯᠠᠷᠠᠵᠦ᠂ ᠬᠤᠸᠠᠳᠤᠯᠤᠭᠠᠢ ᠭᠠᠴᠠᠭᠠᠨ ᠤ ᠮᠠᠯᠴᠢᠳ ᠲᠠᠢ ᠬᠠᠮᠳᠤ ᠰᠢᠷᠢᠰ ᠠᠵᠢᠯᠯᠠᠭ᠎ᠠ ᠦᠷᠨᠢᠭᠦᠯᠵᠦ ᠰᠢᠨ᠎ᠠ ᠵᠢᠯ ᠢᠶᠠᠨ ᠤᠭᠳᠤᠭᠰᠠᠨ ᠪᠠᠶᠢᠯ᠎ᠠ᠃ ᠠᠵᠢᠯᠯᠠᠭᠠᠨ ᠤ ᠳᠤᠮᠳᠠ ᠵᠤᠬᠢᠶᠠᠯ ᠪᠦᠳᠦᠬᠡᠯ ᠳᠤ ᠪᠠᠭ᠋ᠠᠲᠠᠢ ᠬᠦᠮᠦᠰ ᠠᠴᠠ ᠭᠠᠴᠠᠭᠠᠨ ᠳᠤ ᠨᠤᠮ ᠪᠡᠯᠡᠭᠯᠡᠵᠦ᠂ ᠭᠠᠴᠠᠭᠠᠨ ᠤ ᠳᠠᠯ᠎ᠠ ᠠᠴᠠ ︽ᠬᠡᠬᠡᠨᠴᠢᠷ ᠪᠤᠯᠪᠠᠰᠤᠨ ᠭᠡᠷ ᠪᠦᠯᠢ︾ ᠪᠠ ᠭᠠᠴᠠᠭ᠎ᠠ ᠪᠠᠨ ᠵᠠᠭᠤᠴᠢᠯᠠᠭᠤᠷ ᠲᠤ ᠤᠬᠠᠭᠤᠯᠤᠨ ᠲᠠᠨᠢᠯᠴᠠᠠᠭᠤᠯᠤᠭᠰᠠᠨ ᠬᠤᠪᠢ ᠬᠦᠮᠦᠨ ᠢ ᠱᠠᠩᠨᠠᠨ ᠵᠤᠷᠢᠭᠵᠢᠭᠤᠯᠪᠠ᠃ ᠠᠵᠢᠯᠯᠠᠭᠠᠨ ᠳᠤ ᠪᠠᠰᠠ ᠤᠷᠠᠨ ᠪᠢᠴᠢᠯᠭᠡᠳᠡᠳ ᠠᠴᠠ ᠮᠠᠯᠴᠢᠳ ᠲᠤ ᠦᠨ᠎ᠠ ᠲᠦᠯᠦᠪᠦᠷᠢ ᠦᠭᠡᠢ ᠪᠠᠷ ᠬᠤᠤᠰ ᠤᠶᠠᠩᠭ᠎ᠠ ᠪᠢᠴᠢᠵᠦ ᠲᠦᠭᠡᠭᠡᠨ᠂ ᠠᠵᠢᠯᠯᠠᠭᠠᠨ ᠢ ᠨᠡᠩ ᠤᠳᠬ᠎ᠠ ᠲᠡᠭᠦᠯᠳᠡᠷ ᠪᠤᠯᠭᠠᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号