︽ᠬᠥᠭᠵᠢᠶᠡᠨᠲᠦ ᠨᠠᠨᠳᠢᠨ︾ ᠴᠠᠭᠠᠨ ᠰᠠᠷ᠎ᠠ ᠶᠢᠨ ᠦᠳᠡᠰᠢᠯᠡᠭᠡ ᠬᠥᠮᠥᠨ ᠠᠷᠠᠳ ᠤᠨ ᠰᠡᠳᠬᠢᠯ ᠢ ᠪᠠᠶᠠᠰᠬᠠᠯ᠎ᠠ
ᠨᠡᠶᠢᠲᠡᠯᠡᠭᠰᠡᠨ ᠴᠠᠭ᠄
2020-01-22
     ᠬᠦᠮᠦᠰ ᠦᠪᠡᠷ ᠦᠪᠡᠷ ᠤᠨ ᠠᠷᠭ᠎ᠠ ᠬᠡᠯᠪᠡᠷᠢ ᠪᠠᠷ ᠴᠠᠭᠠᠨ ᠰᠠᠷ᠎ᠠ ᠪᠠᠨ ᠤᠭᠳᠤᠵᠤ ᠦᠩᠬᠡᠷᠡᠭᠰᠡᠨ ᠵᠢᠯ ᠤᠨ ᠠᠮᠵᠢᠯᠳᠠ ᠪᠦᠳᠦᠮᠵᠢ ᠪᠠᠨ ᠬᠠᠷᠠᠭᠤᠯᠵᠤ ᠡᠬᠡ ᠤᠯᠤᠰ ᠡᠩᠬᠡ ᠵᠢᠷᠭᠠᠯᠳᠤ ᠠᠮᠢᠳᠤᠷᠠᠯ ᠢᠶᠠᠨ ᠮᠠᠭᠳᠠᠨ ᠲᠠᠭᠤᠯᠠᠵᠤ ᠪᠠᠶᠢᠭ᠎ᠠ ᠡᠨᠡᠬᠦ ᠪᠠᠶᠠᠷᠳᠤ ᠮᠦᠴᠡ ᠪᠠᠷ ᠨᠡᠶᠢᠬᠡᠮ ᠲᠤᠭᠤᠷᠢᠭ ᠤᠨ ᠬᠢᠨ ᠴᠤ ᠪᠦᠬᠦ ᠮᠠᠯᠴᠢᠨ ᠲᠦᠮᠡᠨ ᠤ ᠤᠷᠤᠯᠴᠠᠭ᠎ᠠ  ᠲᠠᠢ ᠦᠳᠡᠰᠢᠯᠡᠭᠡ ᠵᠤᠬᠢᠶᠠᠨ ᠪᠠᠶᠢᠭᠤᠯᠵᠤ ᠨᠠᠮ ᠲᠦᠷᠦ ᠶᠢᠨ ᠬᠠᠯᠠᠮᠵᠢ ᠢᠪᠡᠬᠡᠯ ᠳᠤ ᠲᠠᠯᠠᠷᠬᠠᠯ ᠢᠶᠠᠨ ᠲᠠᠪᠰᠢᠬᠦᠯᠦᠯ᠎ᠠ᠃ ᠤᠶᠢᠷ᠎ᠠ ᠶᠢᠨ ᠡᠳᠦᠷ ᠭᠠᠯᠠᠭᠤᠲᠤ ᠪᠠᠯᠭᠠᠰᠤᠨ ᠤ ᠨᠠᠨᠳᠢᠨ ᠨᠡᠶᠢᠬᠡᠮ ᠲᠤᠭᠤᠷᠢᠭ ᠴᠠᠭᠠᠨ ᠬᠤᠯᠤᠭᠠᠨ᠎ᠠ ᠵᠢᠯ ᠢᠶᠠᠨ ᠤᠭᠳᠤᠬᠤ ︽ᠬᠥᠭᠵᠢᠶᠡᠨᠲᠦ ᠨᠠᠨᠳᠢᠨ︾ ᠴᠠᠭᠠᠨ ᠰᠠᠷ᠎ᠠ ᠶᠢᠨ ᠦᠳᠡᠰᠢᠯᠡᠭᠡ ᠶᠢ ᠡᠷᠬᠢᠯᠡᠨ ᠬᠢᠵᠤ ᠲᠠᠭᠤᠤ ᠪᠦᠵᠢᠭ᠂ ᠮᠤᠷᠢᠨ ᠬᠤᠭᠤᠷ᠂ ᠬᠤᠯᠪᠤᠭ᠎ᠠ ᠰᠢᠯᠦᠭ ᠵᠡᠷᠬᠡ ᠤᠯᠠᠨ ᠲᠤᠭᠯᠠᠯᠳᠠ ᠶᠢ ᠬᠠᠮᠤᠷᠴᠤ ᠨᠠᠮ ᠲᠦᠷᠦ ᠶᠢᠨ ᠬᠠᠯᠠᠮᠵᠢ ᠢᠪᠡᠬᠡᠯ ᠢᠶᠠᠷ ᠨᠠᠨᠳᠢᠨ ᠨᠡᠶᠢᠬᠡᠮ ᠲᠤᠭᠤᠷᠢᠭ ᠤᠨ ᠮᠠᠯᠴᠢᠨ ᠲᠦᠮᠡᠨ ᠵᠢᠷᠭᠠᠯᠳᠤ ᠠᠮᠢᠳᠤᠷᠠᠯ ᠢᠶᠠᠨ ᠴᠤᠭᠴᠠᠯᠠᠵᠤ ᠢᠷᠡᠬᠡᠳᠦᠢ ᠵᠦᠭ ᠢᠶᠠᠨ ᠢᠳᠡᠬᠡᠯ ᠲᠡᠬᠦᠯᠳᠡᠷ ᠤᠷᠤᠭᠰᠢᠯᠠᠵᠤ ᠪᠠᠶᠢᠭ᠎ᠠ ᠴᠤ᠋ ᠰᠢᠨ᠎ᠡ ᠲᠦᠷᠢ ᠪᠠᠶᠢᠳᠠᠯ ᠢᠶᠠᠨ ᠬᠠᠷᠠᠭᠤᠯᠤᠯ᠎ᠠ᠃      ᠦᠳᠡᠰᠢᠯᠡᠭᠡ ᠨᠢ ᠬᠥᠭᠵᠢᠶᠡᠨᠲᠦ ᠨᠠᠨᠳᠢᠨ᠂ ᠪᠠᠭ᠋ᠠᠷᠬᠠᠯᠲᠤ ᠨᠠᠨᠳᠢᠨ᠂ ᠪᠠᠳᠠᠷᠠᠯᠲᠤ ᠨᠠᠨᠳᠢᠨ ᠬᠡᠬᠦ ᠭᠤᠷᠪᠠᠨ ᠪᠦᠯᠦᠭ᠂ ᠠᠷᠪᠠᠨ ᠲᠠᠪᠤᠨ ᠲᠤᠭᠯᠠᠯᠳᠠ ᠪᠠᠷ ᠪᠦᠷᠢᠯᠳᠤᠵᠤ ᠢᠶᠠᠷ ᠬᠦᠮᠦᠨ ᠠᠷᠠᠳ ᠤᠨ ᠢᠶᠠᠨ ᠬᠦᠰᠡᠯ ᠵᠦᠩᠨᠠᠯ ᠤᠨ ᠰᠡᠳᠬᠢᠯ ᠤᠨ ᠲᠠᠭᠤᠨ ᠢ ᠲᠠᠮᠵᠢᠭᠤᠯᠤᠯ᠎ᠠ᠃ ᠭᠠᠯᠠᠭᠤᠳᠤ ᠪᠠᠯᠭᠠᠰᠤᠨ ᠤ ᠨᠠᠠᠳᠢᠨ ᠨᠡᠶᠢᠬᠡᠮ ᠲᠤᠭᠤᠷᠢᠭ ᠪᠤᠯ ᠨᠡᠬᠦᠨ ᠰᠢᠯᠵᠢᠭᠰᠡᠨ ᠮᠠᠯᠴᠢᠨ ᠲᠠᠷᠢᠶᠠᠴᠢᠳ ᠢ ᠲᠦᠪᠬᠢᠨᠡᠬᠦᠯᠦᠭᠰᠡᠨ ᠰᠠᠭᠤᠭᠠᠯᠢ ᠲᠤᠭᠤᠷᠢᠭ ᠪᠤᠯᠤᠨ᠎ᠠ᠃ ᠤᠳᠤ 1206 ᠡᠷᠦᠬᠡ ᠶᠢᠨ 4856 ᠮᠠᠯᠴᠢᠨ ᠠᠳᠡ ᠠᠮᠢᠳᠤᠷᠠᠵᠤ ᠪᠠᠶᠢᠳᠠᠭ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号