ᠦᠥᠰᠢᠨᠵᠤᠤ ᠪᠠᠯᠭᠠᠰᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠪᠠᠷ ᠬᠦᠳᠡᠭᠡ ᠲᠤᠰᠬᠤᠨ ᠢᠶᠠᠨ ᠬᠦᠭᠵᠢᠬᠦᠯᠣᠨ ᠮᠠᠨᠳᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020-01-22
     ᠦᠣᠰᠢᠨᠵᠣᠣ ᠪᠠᠯᠭᠠᠰᠣ ᠰᠢᠨ᠎ᠠ ᠴᠠᠭ ᠦᠶ᠎ᠠ ᠶᠢᠨ ᠪᠣᠯᠪᠠᠰᠣᠨ ᠢ ᠦᠢᠯᠡᠳᠦᠯᠭᠡᠵᠢᠬᠦᠯᠬᠦ ᠠᠵᠢᠯᠯᠠᠭᠠᠨ ᠤ ᠳᠣᠮᠳᠠ ᠪᠠᠨ ᠨᠠᠰᠣᠳᠠᠨ ᠪᠣᠭᠤᠷᠣᠯᠴᠣᠣᠯ ᠢᠶᠠᠨ ᠠᠰᠠᠷᠨᠨ ᠬᠠᠷᠠᠭᠠᠯᠵᠠᠵᠣ ᠮᠠᠯ ᠳᠠᠷᠢᠶᠠᠯᠠᠩ ᠳᠤ ᠣᠶᠢᠯᠡᠴᠢᠯᠡᠬᠦ ᠵᠡᠷᠭᠡ ᠰᠠᠶᠢᠨ ᠳᠣᠷ᠎ᠠ ᠶᠢᠨ ᠣᠶᠢᠯᠡᠴᠢᠯᠡᠬᠡᠨ ᠠᠩᠭᠢ ᠪᠠᠶᠢᠭᠤᠯᠵᠣ ᠪᠣᠳᠡᠳᠣ ᠠᠵᠢᠯᠯᠠᠭ᠎ᠠ ᠪᠠᠷ ︽ᠮᠠᠯᠵᠢᠬᠤ  ᠳ᠋ᠠᠵᠠᠶ︾ ᠦᠥᠰᠢᠨᠵᠤᠤ ᠶᠢᠨ ᠵᠣᠷᠢᠭ ᠰᠠᠨᠠᠭ᠎ᠠ ᠶᠢ ᠪᠠᠳᠡᠷᠠᠭᠤᠯᠣᠨ ᠭᠦᠳᠡᠭᠡ ᠳᠣᠰᠬᠤᠨ ᠢ ᠬᠦᠭᠵᠢᠬᠦᠯᠣᠨ ᠮᠠᠨᠳᠣᠭᠤᠯᠬᠤ ᠳᠤ ᠣᠶᠢᠯᠡᠴᠢᠯᠠᠵᠣ ᠪᠠᠶᠢᠨ᠎ᠠ᠃      ᠤᠶᠢᠷ᠎ᠠ ᠶᠢᠨ ᠡᠳᠦᠷ᠂ ᠦᠥᠰᠢᠨᠵᠤᠤ ᠪᠠᠯᠭᠠᠰᠣ ᠨᠢ ᠴᠠᠭᠠᠨᠰᠦ᠋ᠮ᠎ᠡ ᠭᠠᠴᠠᠭ᠎ᠠ ᠲᠠᠢ ᠬᠠᠮᠳᠣᠷᠠᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡᠵᠢᠬᠦᠯᠬᠦ ᠪᠣᠳᠠᠳᠣ ᠠᠵᠢᠯᠯᠠᠭ᠎ᠠ ᠦᠷᠨᠢᠬᠦᠯᠵᠣ ᠲᠠᠯᠠᠨ ᠨᠠᠰᠤᠨ ᠠᠴᠠ ᠲᠡᠭᠡᠭᠰᠢ ᠨᠠᠰᠤᠲᠠᠶᠢᠴᠤᠳ ᠲᠤ ᠳᠣᠷᠠᠰᠬᠠᠯ ᠤᠨ ᠪᠣᠳᠠᠰ ᠱᠠᠩᠨᠠᠵᠤ ᠰᠢᠯᠢᠳᠡᠭ ᠨᠠᠮ ᠤᠨ ᠭᠡᠰᠢᠬᠦᠨ᠂ ᠬᠠᠵᠠᠭᠤᠳᠠᠬᠢ ᠰᠠᠶᠢᠨ ᠬᠦᠮᠦᠨ᠂ ᠪᠤᠯᠪᠠᠰᠤᠨ ᠡᠷᠦᠬᠡ᠂  ᠰᠠᠶᠢᠨ ᠪᠡᠷᠢ ᠵᠡᠷᠭᠡ ᠶᠢ ᠱᠠᠩᠨᠠᠨ ᠬᠦᠬᠢᠬᠦᠯᠬᠦ ᠶᠢᠨ ᠬᠠᠮᠲᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠳᠤ ᠲᠤᠭ ᠭᠠᠷᠳᠠᠭᠤᠯᠣᠯ᠎ᠠ᠃ ᠴᠠᠭᠠᠨᠰᠦ᠋ᠮ᠎ᠡ ᠭᠠᠴᠠᠭᠠᠨ ᠤ ᠡᠮᠡᠭᠲᠡᠶᠢᠴᠦᠳ ᠤᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠶᠢᠨ ᠬᠢᠨ ᠡᠨᠡ ᠤᠳᠠᠭ᠎ᠠ ᠪᠠᠯᠭᠠᠰᠤᠨ ᠤ ᠢᠷᠠᠭᠤ ᠠᠯᠳᠡᠷ ᠤᠨ ᠳᠤᠭ ᠢ ᠭᠠᠷᠳᠡᠵᠣ ᠬᠡᠮᠵᠢᠶᠠᠯᠠᠰᠢ ᠦᠬᠡᠢ ᠶᠡᠭᠡ ᠵᠣᠷᠢᠭᠵᠢᠭᠤᠯᠣᠯ ᠣᠯᠵᠣ ᠳᠣᠰ ᠭᠠᠴᠠᠭᠠᠨ ᠤ 85 ᠨᠠᠰᠣᠨ ᠤ ᠦᠨᠳᠣᠷ ᠬᠤᠳᠤᠭ ᠲᠠᠢ ᠰᠢᠷ᠎ᠠ ᠨᠠᠰᠤᠲᠠᠨ ᠤ ᠭᠡᠷ ᠲᠤ ᠣᠶᠢᠯᠡᠴᠢᠯᠡᠬᠦ ᠪᠠᠷ ᠬᠦᠷᠣᠯ᠎ᠠ᠃ ᠰᠢᠷ᠎ᠠ ᠨᠠᠰᠣᠳᠠᠨ ᠤ ᠭᠡᠣᠭᠡᠳ ᠤᠳ  ᠨᠢ ᠭᠠᠳᠠᠭᠰᠢ ᠠᠵᠢᠯ ᠬᠢᠬᠡᠳ ᠶᠠᠪᠣᠭᠰᠠᠨ ᠠᠴᠠ ᠭᠠᠭᠴᠠᠭᠠᠷ ᠢᠶᠠᠨ ᠰᠠᠭᠤᠵᠣ ᠡᠮᠡᠭᠲᠡᠶᠢᠴᠦᠳ ᠤᠨ ᠰᠠᠶᠢᠨ ᠲᠤᠷ᠎ᠠ  ᠶᠢᠨ ᠦᠢᠯᠡᠴᠢᠯᠡᠬᠡᠨ ᠤ ᠠᠩᠬᠢ ᠡᠳᠡᠨ ᠤ ᠭᠡᠷ ᠤᠨ ᠴᠣᠩᠬᠤᠨ ᠰᠢᠯ ᠢ ᠵᠦᠯᠬᠦᠨ ᠭᠡᠷ ᠣᠷᠣᠨ ᠤ ᠲᠤᠲᠤᠷ᠎ᠠ ᠭᠠᠳᠠᠨᠠᠬᠢ ᠢ ᠴᠡᠪᠡᠷᠯᠡᠵᠦ ᠨᠠᠰᠤᠲᠠᠨ ᠢ ᠪᠠᠶᠠᠷᠯᠠᠭᠤᠯᠣᠯ᠎ᠠ᠃        ᠲᠤᠰ ᠭᠠᠴᠠᠭᠠᠨ ᠤ ᠮᠠᠯ ᠡᠮᠨᠡᠯᠭᠡ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠨᠢ ᠴᠤ ᠮᠠᠯᠴᠢᠨ ᠲᠠᠷᠢᠶᠠᠴᠢᠳ ᠲᠤ ᠬᠠᠨᠳᠤᠭᠤᠯᠤᠨ ᠵᠢᠯ ᠤᠨ ᠲᠦᠷᠪᠡᠨ ᠤᠯᠠᠷᠢᠯ ᠢᠶᠠᠷ ᠮᠠᠯ ᠡᠮᠨᠡᠯᠭᠡ ᠶᠢᠨ ᠲᠠᠯ᠎ᠠ ᠳᠤ ᠰᠠᠶᠢᠨ ᠲᠤᠷ᠎ᠠ  ᠠᠴᠠ ᠦᠢᠯᠡᠴᠢᠯᠡᠵᠦ ᠮᠠᠯᠴᠢᠨ ᠲᠠᠷᠢᠶᠠᠴᠢᠳ ᠤᠨ ᠬᠠᠯᠠᠭᠤᠨ ᠬᠦᠷᠢᠶᠡᠯᠡᠯ ᠢ ᠤᠯᠳᠠᠭ ᠪᠠᠶᠢᠨ᠎ᠠ᠃      ᠦᠥᠰᠢᠨᠵᠤᠤ ᠪᠠᠯᠭᠠᠰᠣ ᠨᠢ ᠣᠶᠢᠷ᠎ᠠ ᠶᠢᠨ ᠵᠢᠯ ᠠᠴᠠ ᠨᠠᠰᠢ᠂ ᠡᠯ᠎ᠡ ᠪᠠᠶᠢᠭᠤᠯᠭ᠎ᠠ ᠨᠢᠬᠡᠴᠢ᠂ ᠭᠠᠴᠠᠭ᠎ᠠ ᠳᠣᠰᠬᠤᠨ᠂ ᠨᠠᠶᠢᠬᠡᠮ ᠳᠣᠭᠤᠷᠢᠭ ᠲᠤ ᠪᠠᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠳᠦᠪ ᠪᠣᠯᠣᠨ ᠣᠶᠢᠯᠡᠴᠢᠯᠡᠬᠡᠨ ᠤ ᠠᠩᠬᠢ ᠪᠡᠶᠢᠭᠤᠯᠵᠣ ᠣᠯᠠᠨ ᠳᠦᠮᠡᠨ ᠳᠤ ᠳᠦᠬᠦᠮ ᠦᠵᠡᠬᠦᠯᠬᠦ ᠣᠶᠢᠯᠡᠴᠢᠯᠡᠭᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ ᠪᠣᠳᠡᠳᠣ ᠠᠵᠢᠯᠯᠠᠭ᠎ᠠ ᠪᠠᠷ ︽ᠮᠠᠯᠵᠢᠬᠤ ᠳ᠋ᠠᠵᠠᠶ︾ ᠦᠥᠰᠢᠨᠵᠤᠤ ᠶᠢᠨ ᠵᠣᠷᠢᠭ ᠰᠠᠨᠠᠭ᠎ᠠ ᠶᠢ ᠪᠠᠳᠡᠷᠠᠭᠤᠯᠣᠨ ᠭᠦᠳᠡᠭᠡ ᠳᠣᠰᠬᠤᠨ ᠢ ᠬᠦᠭᠵᠢᠬᠦᠯᠣᠨ ᠮᠠᠨᠳᠣᠭᠤᠯᠬᠤ ᠳᠤ ᠣᠶᠢᠯᠡᠴᠢᠯᠠᠵᠣ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号