ᠴᠣᠭᠯᠠᠭᠠᠨ ᠨᠠᠶᠢᠷ ᠤᠨ ᠠᠵᠢᠯᠯᠠᠭ᠎ᠠ ᠶᠢ ᠴᠦᠭᠡᠳᠬᠡᠨ ᠵᠣᠭᠰᠣᠭᠠᠬᠤ ᠳᠣᠬᠠᠢ ᠦᠣᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠣᠯ ᠤᠨ ᠬᠢᠵᠢᠭ ᠢ ᠰᠡᠷᠬᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠡᠨ ᠭᠡᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2020-01-26
     ᠣᠯᠠᠨ ᠳᠦᠮᠡᠨ ᠤ ᠪᠡᠶ᠎ᠡ ᠶᠢᠨ ᠡᠷᠡᠬᠦᠯ ᠮᠡᠨᠳᠣ ᠪᠣᠯᠣᠨ ᠠᠮᠢ ᠨᠠᠰᠣᠨ ᠤ ᠠᠮᠣᠷ ᠳᠦᠪᠰᠢᠨ ᠢ ᠪᠠᠳᠣᠯᠠᠵᠣ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠣᠯ ᠤᠨ ᠬᠡᠵᠢᠭ ᠤᠨ ᠦᠷᠬᠦᠯᠵᠢᠯᠡᠨ ᠳᠡᠯᠬᠡᠷᠡᠬᠦ ᠶᠢ ᠵᠣᠬᠢᠰᠳᠡᠢ ᠬᠤᠷᠢᠭᠯᠠᠨ ᠬᠦᠮᠣᠰ ᠤᠨ ᠨᠠᠶᠢᠷ ᠴᠣᠭᠯᠠᠭᠠᠨ ᠳᠤ ᠣᠷᠣᠯᠴᠠᠨ ᠬᠢᠵᠢᠭ ᠬᠠᠯᠳᠠᠪᠣᠷᠢᠯᠠᠬᠤ ᠠᠴᠠ ᠰᠡᠷᠭᠡᠶᠢᠯᠡᠬᠦ ᠶᠢᠨ ᠳᠦᠯᠣᠬᠡ᠂ ︽ᠪᠥᠬᠦᠳᠡ ᠨᠠᠶᠢᠷᠠᠮᠳᠠᠬᠤ ᠳᠣᠮᠳᠠᠳᠣ ᠠᠷᠡᠳ ᠣᠯᠣᠰ ᠤᠨ ᠬᠠᠯᠳᠠᠪᠣᠷᠢᠳᠣ ᠡᠪᠡᠳᠴᠢᠨ ᠢ ᠰᠡᠷᠬᠡᠶᠢᠯᠠᠨ ᠵᠠᠰᠠᠬᠤ ᠬᠠᠣᠯᠢ︾ ︽ᠪᠥᠬᠦᠳᠡ ᠨᠠᠶᠢᠷᠠᠮᠳᠠᠬᠤ ᠳᠣᠮᠳᠠᠳᠣ ᠠᠷᠡᠳ ᠣᠯᠣᠰ ᠤᠨ ᠭᠡᠨᠡᠳᠲᠡ ᠶᠢᠨ ᠡᠬᠦᠰᠦᠭᠰᠡᠨ ᠬᠡᠷᠡᠭ ᠢ ᠰᠢᠢᠳᠪᠦᠷᠢᠯᠡᠬᠦ ᠬᠠᠣᠯᠢ︾ ᠵᠡᠷᠭᠡ ᠬᠠᠣᠯᠢ ᠳᠦᠷᠢᠮ ᠪᠣᠯᠣᠨ ᠳᠡᠭᠡᠳᠣ ᠱᠠᠳᠣᠨ ᠤ ᠬᠠᠮᠢᠶ᠎ᠠ ᠪᠦᠬᠦᠢ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ ᠮᠠᠨ ᠤ ᠬᠤᠰᠢᠭᠤᠨ ᠤ ᠪᠤᠳᠠᠲᠤ ᠪᠠᠶᠢᠳᠠᠯ ᠲᠠᠢ ᠣᠶᠠᠯᠳᠣᠭᠤᠯᠣᠨ ᠴᠣᠭᠯᠠᠭᠠᠨ ᠨᠠᠶᠢᠷ ᠤᠨ ᠠᠵᠢᠯᠯᠠᠭ᠎ᠠ ᠶᠢ ᠴᠦᠬᠡᠳᠭᠡᠨ ᠵᠣᠭᠰᠣᠭᠠᠬᠤ ᠳᠣᠬᠠᠢ ᠬᠠᠮᠢᠶ᠎ᠠ ᠪᠦᠬᠦᠢ ᠵᠣᠶᠢᠯᠡᠰ ᠢ ᠳᠣᠣᠷᠠᠬᠢ ᠮᠠᠳᠣ ᠪᠠᠴᠢᠮ ᠮᠡᠳᠡᠭᠳᠡᠶ᠎ᠠ᠄      ᠨᠢᠭᠡ᠂ ᠪᠦᠬᠦ ᠬᠤᠰᠢᠭᠤ ᠪᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠤ ᠪᠦᠬᠦᠶᠢᠯᠠ ᠰᠣᠶᠣᠯ ᠣᠷᠠᠯᠢᠭ ᠤᠨ ᠠᠵᠢᠯᠯᠠᠭ᠎ᠠ ᠶᠢ ᠵᠤᠭᠰᠤᠭᠠᠵᠤ ᠡᠬᠦᠨ ᠳᠤ ᠰᠣᠶᠣᠯ ᠣᠷᠠᠯᠢᠭ ᠤᠨ ᠳᠣᠭᠯᠠᠯᠳᠠ᠂ ᠰᠦᠮ᠎ᠡ ᠶᠢᠨ ᠴᠤᠭᠯᠠᠭᠠᠨ᠂ ᠳ᠋ᠧᠩᠯᠤ ᠎ ᠶᠢᠨ ᠪᠠᠶᠠᠷ᠂ ᠶᠠᠩᠭᠠᠷ ᠪᠦᠵᠢᠭ ᠵᠡᠷᠭᠡ ᠶᠢ ᠪᠠᠭᠳᠠᠭᠠᠨ᠎ᠠ᠃ ᠦᠵᠡᠰᠬᠦᠯᠡᠩ ᠤᠨ ᠤᠷᠳᠤᠨ᠂ ᠨᠤᠮ ᠤᠨ ᠰᠠᠩ᠂ ᠮᠦᠽᠸᠢ᠂ ᠲᠡᠤᠭᠡᠨ ᠲᠤᠷᠠᠰᠬᠠᠯᠲᠤ ᠪᠤᠳᠠᠰ ᠤᠨ ᠨᠢᠭᠡᠴᠢ᠂ ᠲᠠᠮᠢᠷ ᠤᠨ ᠤᠷᠳᠤᠨ᠂ ᠺᠢᠨᠤ᠋ ᠶᠢᠨ ᠣᠷᠳᠣᠨ᠂ ᠰᠦᠯᠵᠢᠶᠠᠨ ᠤ ᠪᠠᠭᠠᠷ ᠵᠡᠷᠭᠡ ᠣᠯᠠᠨ ᠨᠠᠶᠢᠳᠡ ᠶᠢᠨ ᠲᠠᠯᠠᠪᠣᠷ ᠢ ᠳᠦᠷ ᠴᠠᠭ ᠬᠠᠭᠠᠵᠣ ᠠᠭᠤᠳᠠᠮ ᠳᠠᠯᠠᠪᠠᠢ ᠶᠢᠨ ᠪᠦᠵᠢᠭ ᠵᠡᠷᠭᠡ ᠣᠯᠠᠨ ᠳᠦᠮᠡᠨᠴᠢ ᠰᠣᠶᠣᠯ ᠣᠷᠠᠯᠢᠭ ᠤᠨ ᠠᠵᠢᠯᠯᠠᠭ᠎ᠠ ᠪᠣᠯᠣᠨ ᠰᠣᠷᠭᠠᠭᠤᠯᠢ ᠠᠴᠠ ᠭᠠᠳᠠᠨᠠᠬᠢ ᠬᠢᠴᠢᠶᠡᠯᠯᠡᠭᠡ ᠶᠢ ᠵᠣᠭᠰᠣᠭᠠᠵᠣ ᠡᠯ᠎ᠡ ᠣᠯᠠᠨ ᠨᠠᠶᠢᠳᠠ ᠤᠨ ᠳᠠᠯᠠᠪᠣᠷ ᠤᠨ ᠰᠡᠷᠭᠦᠬᠡᠨ ᠨᠡᠭᠡᠭᠡᠬᠦ ᠴᠠᠭ ᠢ ᠳᠣᠬᠠᠢ ᠶᠢᠨ ᠴᠠᠭ ᠲᠤᠨᠢ ᠮᠡᠳᠡᠭᠳᠡᠨ ᠵᠡᠷᠯᠡᠵᠣ ᠣᠶᠢᠷ᠎ᠠ ᠶᠢᠨ ᠬᠤᠭᠤᠴᠠᠭᠠᠨ ᠳᠤ ᠶᠠᠪᠣᠭᠳᠠᠬᠤ ᠪᠠᠷ ᠪᠠᠶᠢᠭᠰᠠᠨ ᠠᠵᠢᠯᠯᠠᠭ᠎ᠠ ᠶᠢ ᠵᠣᠭᠰᠣᠭᠠᠭᠰᠠᠨ ᠪᠣᠶᠣ ᠬᠤᠶᠢᠰᠢᠯᠠᠭᠤᠯᠣᠭᠰᠠᠨ ᠳᠣᠬᠠᠢ ᠤᠴᠢᠷ ᠢ ᠡᠷᠬᠢᠯᠡᠨ ᠬᠢᠵᠣ ᠪᠠᠶᠢᠭ᠎ᠠ ᠪᠠᠶᠢᠭᠤᠯᠭ᠎ᠠ ᠨᠢᠭᠡᠴᠢ ᠠᠴᠠ ᠵᠦᠢ ᠵᠣᠬᠢᠰᠳᠡᠢ ᠲᠠᠶᠢᠯᠪᠣᠷᠢᠯᠠᠯᠳᠠ ᠬᠢᠬᠦ ᠬᠡᠷᠡᠭᠳᠡᠢ᠃      ᠬᠤᠶᠠᠷ᠂ ᠬᠤᠲᠠ ᠬᠦᠳᠡᠭᠡ ᠶᠢᠨ ᠰᠠᠭᠤᠭᠠᠯᠢ ᠠᠷᠡᠳ ᠬᠤᠷᠢᠮ ᠨᠠᠶᠢᠷ ᠭᠠᠰᠢᠭᠤᠳᠠᠯ ᠤᠨ ᠬᠤᠷᠠᠯ ᠬᠢᠬᠦ ᠳᠤ ᠬᠦᠷᠪᠡᠯ ᠣᠷᠢᠳᠴᠢᠯᠠᠨ ᠰᠣᠮᠣ ᠪᠠᠯᠭᠠᠰᠣᠨ ᠤ ᠵᠠᠰᠠᠭ ᠤᠨ ᠣᠷᠳᠣᠨ ᠳᠤ ᠮᠡᠳᠡᠬᠦᠯᠣᠨ ᠵᠦᠪᠰᠢᠶᠠᠷᠡᠬᠦᠯᠵᠣ ᠣᠷᠣᠯᠴᠠᠬᠤ ᠬᠦᠮᠣᠨ ᠤ ᠳᠤᠭ᠎ᠠ ᠶᠢ ᠴᠢᠩᠭ᠎ᠠ ᠬᠢᠵᠠᠭᠠᠷᠯᠠᠨ᠎ᠠ᠃      ᠭᠤᠷᠪᠡ᠂ ᠴᠠᠭᠠᠨ ᠰᠠᠷ᠎ᠠ ᠶᠢᠨ ᠬᠤᠭᠤᠴᠠᠭᠠᠨ ᠳᠤ ᠭᠠᠷ ᠣᠲᠠᠰᠣ᠂ ᠸᠢᠴᠠᠲ᠂ ᠣᠬᠤᠷ ᠴᠢᠮᠡᠭᠡ ᠪᠠᠷ ᠰᠠᠷ᠎ᠠ ᠰᠢᠨ᠎ᠡ ᠶᠢᠨ ᠮᠠᠨᠳᠣᠴᠢᠯᠠᠯ ᠳᠡᠪᠰᠢᠬᠦᠯᠵᠣ ᠭᠡᠷ ᠭᠡᠷ ᠲᠤ ᠪᠠᠨ ᠰᠠᠭᠤᠵᠣ ᠪᠠᠶᠡᠷᠳᠣ ᠴᠠᠭᠠᠨ ᠰᠠᠷ᠎ᠠ ᠪᠠᠨ  ᠦᠩᠭᠡᠷᠡᠭᠦᠯᠬᠦ ᠎ ᠶᠢ ᠣᠷᠢᠶᠠᠯᠠᠨ᠎ᠠ᠃ ᠢᠳᠡᠭᠡᠨ ᠣᠮᠳᠠᠭᠠᠨ ᠤ ᠣᠶᠢᠯᠡᠴᠢᠯᠡᠭᠡᠨ ᠤ ᠨᠢᠭᠡᠴᠢ ᠳᠤᠮᠤ ᠬᠡᠯᠪᠡᠷᠢ ᠶᠢᠨ ᠬᠤᠷᠢᠮ ᠨᠠᠶᠢᠷ ᠬᠠᠮᠳᠣ ᠶᠢᠨ ᠰᠢᠨ᠎ᠡ ᠬᠢᠬᠦ ᠶᠢ ᠬᠤᠷᠢᠭᠯᠠᠨ ᠲᠠᠪᠣᠨ ᠰᠢᠷᠡᠭᠡᠨ ᠠᠴᠠ ᠳᠡᠭᠡᠭᠰᠢᠬᠢ ᠬᠤᠭᠤᠯᠡ ᠪᠣᠳᠠᠭ᠎ᠠ ᠵᠠᠬᠢᠶᠠᠯᠠᠭᠰᠠᠳ ᠡᠷᠬᠡᠪᠰᠢ ᠵᠠᠬ᠎ᠠ ᠳᠡᠯᠬᠡᠬᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠭᠤᠶᠣᠪᠴᠢᠯᠠᠨ ᠮᠡᠳᠡᠭᠦᠯᠵᠣ ᠳᠠᠩᠰᠠᠯᠠᠭᠤᠯᠬᠤ ᠬᠡᠷᠡᠭᠳᠡᠢ᠃ ᠬᠦᠳᠡᠭᠡ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠤᠨ ᠠᠵᠢᠯᠯᠠᠭ᠎ᠠ ᠶᠢ ᠲᠦᠷ ᠵᠤᠭᠰᠤᠭᠠᠵᠤ ᠠᠮᠢᠲᠠᠨ ᠵᠢᠬᠦᠷᠳᠡᠨ ᠪᠤᠷᠤᠯᠠᠭᠤᠯᠬᠤ ᠶᠢ ᠡᠷᠡᠰ ᠬᠤᠷᠢᠭᠯᠠᠵᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠣᠯ ᠤᠨ ᠬᠡᠵᠢᠭ ᠤᠨ ᠲᠡᠯᠭᠡᠷᠡᠬᠦ ᠶᠢ ᠪᠦᠲᠦᠮᠵᠢᠲᠠᠢ ᠰᠡᠷᠬᠡᠶᠢᠯᠡᠨ᠎ᠡ᠃      ᠳᠥᠷᠪᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠭᠡᠷ ᠪᠦᠯᠢ ᠪᠣᠯᠣᠨ ᠬᠤᠪᠢ ᠬᠦᠮᠣᠨ ᠤ ᠡᠷᠡᠬᠦᠯ ᠬᠠᠮᠠᠭᠠᠯᠠᠯ ᠢᠶᠠᠨ ᠠᠩᠬᠠᠷᠴᠣ ᠭᠡᠷ ᠲᠤ ᠪᠠᠨ ᠦᠷᠬᠦᠯᠵᠢ ᠰᠠᠯᠬᠢ ᠠᠭᠠᠷ ᠨᠡᠪᠳᠡᠷᠡᠭᠦᠯᠣᠨ ᠡᠳᠣᠷ ᠳᠤᠳᠤᠮ ᠤᠨ ᠬᠡᠷᠡᠭᠰᠡᠯ ᠤᠨ ᠠᠷᠢᠭᠤᠳᠬᠠᠯ ᠢ ᠰᠠᠶᠢᠳᠣᠷ ᠬᠢᠨ᠎ᠡ᠃ ᠳᠡᠷᠭᠡᠨ ᠦᠷᠳᠡᠭᠡ ᠵᠡᠷᠭᠡ ᠬᠦᠮᠣᠨ ᠣᠯᠠᠨᠳᠠᠢ ᠣᠯᠠᠨ ᠨᠠᠶᠢᠳᠡ ᠶᠢᠨ ᠭᠠᠵᠠᠷ ᠴᠦᠬᠡᠨ ᠣᠴᠢᠵᠣ᠂ ᠬᠡᠷᠪᠡ ᠣᠴᠢᠬᠤ ᠴᠢᠬᠤᠯᠠᠲᠠᠢ ᠪᠣᠯᠪᠠᠯ ᠠᠮᠠᠪᠴᠢ ᠵᠡᠭᠦᠵᠣ ᠠᠮᠠ᠂ ᠬᠠᠮᠠᠷ᠂ ᠨᠢᠳᠣ᠂ ᠭᠠᠷ ᠤᠨ ᠠᠷᠢᠭᠤᠨ ᠴᠡᠪᠡᠷ ᠢ ᠴᠠᠭ ᠢᠮᠡᠭ᠌ᠲᠠ ᠠᠩᠬᠠᠷᠬᠤ ᠬᠡᠷᠡᠭᠳᠡᠢ᠃ ᠣᠶᠢᠷ᠎ᠠ ᠶᠢᠨ ᠡᠳᠣᠷ ᠤᠳ ᠲᠤ᠂ ᠮᠠᠨ ᠤ ᠬᠤᠰᠢᠭᠤᠨ ᠳᠤ ᠨᠣᠳᠣᠭᠳᠠᠢ ᠭᠠᠳᠠᠨ᠎ᠠ ᠮᠤᠵᠢ ᠣᠷᠣᠨ ᠠᠴᠠ ᠬᠠᠷᠢᠵᠣ ᠢᠷᠡᠭᠰᠡᠨ ᠬᠦᠮᠣᠰ ᠢ ᠴᠢᠩᠭ᠎ᠠ ᠪᠠᠶᠢᠴᠠᠭᠠᠬᠤ ᠬᠡᠷᠡᠭᠳᠡᠢ᠃      ᠲᠠᠪᠤ᠂ ᠣᠯᠠᠨ ᠳᠦᠮᠡᠨ ᠤ ᠦᠪᠡᠷᠳᠡᠭᠡᠨ ᠵᠣᠬᠢᠶᠠᠨ ᠪᠠᠶᠢᠭᠤᠯᠣᠭᠰᠠᠨ ᠠᠵᠢᠯᠯᠠᠭ᠎ᠠ ᠳᠤ ᠳᠣᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠢᠯᠣᠭᠤᠳᠴᠣ ᠠᠵᠢᠯᠯᠠᠭᠠᠨ ᠤ ᠳᠠᠯᠠᠪᠣᠷ ᠤᠨ ᠢᠯᠡ ᠳᠤᠳᠥ ᠭᠠᠵᠠᠷ ᠲᠤ ᠠᠮᠣᠷ ᠳᠦᠪᠰᠢᠨ ᠠᠶᠣᠯᠬᠦᠢ ᠶᠢᠨ ᠰᠠᠨᠠᠭᠤᠯᠣᠮᠵᠢ ᠶᠢᠨ ᠫᠠᠶᠢᠰᠠ ᠳᠣᠬᠢᠷᠠᠭᠤᠯᠵᠣ ᠣᠯᠠᠨ ᠳᠦᠮᠡᠨ ᠤ ᠦᠪᠡᠷ ᠢ ᠪᠠᠨ ᠬᠠᠮᠠᠭᠠᠯᠠᠬᠤ ᠦᠵᠡᠯ ᠣᠬᠠᠮᠰᠠᠷ ᠢ ᠴᠢᠩᠭᠠᠳᠬᠠᠨ ᠰᠠᠨᠠᠭᠠᠨ ᠳᠤ ᠦᠬᠡᠢ ᠬᠡᠷᠡᠭ ᠣᠴᠢᠷ ᠭᠠᠷᠬᠤ ᠶᠢ ᠰᠡᠷᠬᠡᠶᠢᠯᠡᠨ ᠪᠣᠯᠭᠤᠮᠵᠢᠯᠠᠨ᠎ᠠ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠬᠠᠷᠢᠶ᠎ᠠ ᠳᠣᠭᠤᠷᠢᠭ ᠤᠨ ᠬᠢᠨᠠᠨ ᠬᠠᠮᠢᠶᠠᠷᠬᠤ ᠬᠦᠴᠣᠯᠡᠴᠡ ᠪᠠᠨ ᠨᠡᠮᠡᠭᠳᠡᠭᠦᠯᠵᠣ ᠡᠯ᠎ᠡ ᠵᠣᠶᠢᠯ ᠶᠢᠨ ᠠᠵᠢᠯᠯᠠᠭ᠎ᠠ ᠬᠦᠳᠡᠯᠭᠡᠭᠡᠨ ᠤ ᠰᠢᠨᠵᠢᠯᠡᠬᠦ ᠣᠬᠠᠭᠠᠨᠴᠢ ᠬᠢᠨᠠᠨ ᠬᠠᠮᠢᠶᠠᠷᠣᠯᠳᠠ ᠪᠣᠯᠣᠨ ᠵᠣᠬᠢᠰᠲᠡᠢ ᠵᠢᠯᠣᠭᠤᠳᠣᠯᠭ᠎ᠠ ᠶᠢ ᠴᠢᠩᠭᠠᠳᠬᠠᠵᠣ ᠳᠦᠷᠢᠮ ᠳᠣᠭᠳᠠᠭᠠᠯ ᠢ ᠵᠦᠷᠢᠴᠡᠵᠦ ᠲᠣᠮᠣ ᠬᠡᠯᠪᠡᠷᠢ ᠶᠢᠨ ᠣᠯᠠᠨ ᠳᠦᠮᠡᠨᠴᠢ ᠠᠵᠢᠯᠯᠠᠭ᠎ᠠ ᠶᠢ ᠦᠷᠨᠢᠬᠦᠯᠬᠦ ᠳᠤ ᠬᠦᠷᠪᠡᠯ ᠴᠠᠭ ᠲᠠᠷᠣᠢ ᠳᠤᠨᠢ ᠠᠯᠪᠡᠳᠡᠨ ᠵᠣᠭᠰᠣᠭᠠᠵᠣ ᠬᠠᠣᠯᠢ ᠳᠦᠷᠢᠮ ᠤᠨ ᠬᠠᠷᠢᠭᠤᠴᠠᠯᠭ᠎ᠠ ᠨᠡᠭᠡᠮᠵᠢᠯᠠᠨ᠎ᠠ᠃            ᠦᠣᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠣᠯ ᠶᠢᠨ ᠬᠢᠵᠢᠭ ᠢ ᠰᠡᠷᠬᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠡᠨ ᠭᠡᠷ ᠠᠴᠠ                        2020 ᠣᠨ ᠤ 1 ᠰᠠᠷ᠎ᠠ ᠶᠢᠨ 25᠎ ᠤ ᠡᠳᠣᠷ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号