ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ︽ᠡᠪᠤᠯ ᠤᠨ ᠤᠯᠠᠷᠢᠯ ᠎ ᠤᠨ ᠲᠦᠮᠡᠨ ᠬᠦᠮᠦᠨ ᠤ ᠬᠡᠭᠡᠷᠡᠯᠡᠨ ᠬᠦᠶᠦᠬᠦ ᠶᠠᠪᠠᠭᠠᠨ ᠠᠯᠬᠤᠬᠤ︾ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2020-01-03
     12 ᠰᠠᠷ᠎ᠠ ᠶᠢᠨ 31᠎ ᠤ ᠡᠳᠦᠷ ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ︽ᠡᠪᠤᠯ ᠤᠨ ᠤᠯᠠᠷᠢᠯ ᠤᠨ ᠲᠦᠮᠡᠨ ᠬᠦᠮᠦᠨ ᠤ ᠬᠡᠭᠡᠷᠡᠯᠡᠨ ᠬᠦᠶᠦᠬᠦ ᠶᠠᠪᠠᠭᠠᠨ ᠠᠯᠬᠤᠬᠤ︾ ᠠᠵᠢᠯᠯᠠᠭ᠎ᠠ ᠦᠷᠨᠢᠬᠦᠯᠵᠦ 1500  ᠭᠠᠷᠤᠢ ᠬᠥᠮᠦᠨ ᠤᠷᠤᠯᠳᠤᠭᠠᠨ ᠳᠤ ᠤᠷᠤᠯᠴᠠᠨ ᠣᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ 2020 ᠣᠨ ᠢᠶᠠᠨ ᠤᠭᠲᠤᠪᠠ᠃
     ᠲᠤᠰ ᠤᠳᠠᠭᠠᠨ ᠤ ᠠᠵᠢᠯᠯᠠᠭ᠎ᠠ ᠳᠤ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ᠂ ᠰᠤᠮᠤ ᠪᠠᠯᠭᠠᠰᠤ ᠎ ᠶᠢᠨ 1500 ᠭᠠᠷᠤᠢ ᠺᠠᠳ᠋ᠷ ᠠᠵᠢᠯᠲᠠᠨ ᠤᠷᠤᠯᠴᠠᠵᠤ 10 ᠺᠢᠯᠣᠮᠧᠲᠷ ᠤᠨ ᠬᠤᠯᠠ ᠭᠦᠶᠦᠬᠦ ᠪᠠ 10 ᠺᠢᠯᠣᠮᠧᠲᠷ ᠎ ᠤᠨ ᠶᠠᠪᠠᠭᠠᠨ ᠠᠯᠬᠤᠬᠤ ᠬᠤᠶᠠᠷ ᠲᠦᠷᠦᠯ ᠬᠤᠪᠢᠶᠠᠨ ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ ᠳᠤᠭᠤᠶᠢᠯᠠᠩ ᠪᠤᠯᠭᠠᠨ ᠬᠤᠪᠢᠶᠠᠵᠤ ᠤᠷᠤᠯᠳᠤᠭᠤᠯᠤᠭᠰᠠᠨ ᠪᠠᠶᠢᠨ᠎ᠠ᠃  ᠠᠵᠢᠯᠯᠠᠭᠠᠨ ᠤ ᠲᠠᠷᠠᠭ᠎ᠠ ᠭᠡᠭᠡᠷᠡᠯᠡᠨ ᠬᠦᠶᠦᠬᠦ ᠤᠷᠤᠯᠳᠤᠭᠠᠨ ᠤ ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ ᠳᠤᠭᠤᠶᠢᠯᠠᠩ ᠤᠨ ᠲᠦᠷᠦᠬᠦᠦ 16 ᠨᠡᠷ᠎ᠡ ᠶᠢ ᠱᠠᠩᠨᠠᠨ ᠬᠦᠬᠢᠬᠦᠯᠦᠯ᠎ᠡ᠃
     ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠨ ᠮᠠᠨ ᠤ ᠬᠤᠰᠢᠭᠤᠨ ᠤ ᠣᠯᠠᠨ ᠳᠦᠮᠡᠨ ᠤ ᠴᠤᠭ ᠰᠦᠯᠳᠡ ᠶᠢ ᠪᠠᠳᠠᠷᠠᠭᠤᠯᠣᠨ ᠡᠯ᠎ᠡ ᠳᠦᠷᠣᠯ ᠤᠨ ᠠᠵᠢᠯ ᠣᠶᠢᠯᠡᠰ ᠲᠤ ᠪᠠᠨ ᠴᠦᠬᠦᠷᠠᠰᠢ ᠦᠬᠡᠢ ᠪᠠᠷ ᠴᠢᠷᠮᠡᠶᠢᠨ ᠠᠵᠢᠯᠯᠠᠬᠤ ᠵᠣᠷᠢᠭ ᠰᠠᠨᠠᠭ᠎ᠠ ᠢ ᠬᠠᠷᠠᠭᠤᠯᠵᠣ ᠰᠢᠨ᠎ᠡ ᠴᠠᠭ ᠦᠶ᠎ᠡ ᠶᠢᠨ ᠦᠣᠰᠢᠨ ᠤ ᠨᠣᠮᠢᠨ ᠳᠠᠩᠰᠤᠭ ᠭᠥᠭᠵᠢᠨ ᠮᠠᠨᠳᠤᠯᠳᠠ᠂  ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠦᠳᠡᠯᠬᠡᠭᠴᠢ ᠬᠦᠴᠣᠨ ᠪᠤᠯᠤᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号