ᠣᠶᠢᠷ᠎ᠠ ᠶᠢᠨ ᠵᠢᠯ ᠳᠤ ᠳᠤᠭ ᠪᠠᠯᠭᠠᠰᠣᠨ ᠤ ᠳᠠᠷᠬᠠᠨᠯᠠᠮ᠎ᠠ ᠭᠠᠴᠠᠭ᠎ᠠ ᠨᠢ ︽ ᠨᠠᠮ ᠤᠨ ᠡᠬᠦᠷ + | ᠬᠤᠷᠰᠢᠶᠠᠵᠢᠯ + ᠵᠡᠮᠳᠡᠭᠴᠣᠳ︾ ᠬᠡᠬᠦ ᠳᠣᠮᠢᠶᠠᠯᠠᠯ ᠢᠶᠠᠷ ᠬᠤᠷᠰᠢᠶᠠᠵᠢᠯ ᠪᠠᠶᠢᠭᠤᠯᠵᠦ᠂ ᠳᠦᠷᠦᠯ ᠵᠦᠢᠯ ᠢᠶᠠᠷ | ᠭᠠᠴᠠᠭᠠᠨ ᠤ ᠵᠡᠮᠳᠡᠭᠴᠣᠳ ᠤᠨ ᠶᠠᠳᠠᠭᠤ ᠠᠴᠠ ᠠᠩᠬᠢᠵᠢᠷᠠᠬᠤ ᠶᠢ ᠬᠦᠴᠦᠳᠡᠢ ᠠᠬᠢᠭᠤᠯᠵᠦ ᠪᠠᠶᠢᠨ᠎ᠠ᠃ | 12 ᠰᠠᠷ᠎ᠠ ᠶᠢᠨ 29 ᠤ ᠡᠳᠦᠷ᠂ ᠳᠠᠷᠬᠠᠨᠯᠠᠮ᠎ᠠ ᠭᠠᠴᠠᠭ᠎ᠠ ᠪᠣᠯᠣᠨ ︽ᠬᠠᠶᠢᠷ᠎ᠠ ᠬᠠᠯᠠᠮᠵᠢ︾ ᠬᠤᠷᠰᠢᠶᠠᠵᠢᠯ | ᠬᠠᠮᠳᠣᠪᠠᠷ ᠠᠩᠬᠠᠳᠠᠭᠴᠢ ᠣᠳᠠᠭᠠᠨ ᠤ ᠵᠡᠮᠳᠡᠭᠴᠣᠳ ᠲᠤ ᠬᠠᠯᠠᠮᠵᠢ ᠬᠦᠷᠭᠡᠬᠦ ᠵᠢᠴᠢ ᠰᠢᠨ᠎ᠡ ᠵᠢᠯ ᠢᠶᠠᠨ ᠣᠭᠳᠣᠬᠤ | ᠳᠣᠰᠬᠠᠢ ᠰᠡᠳᠣᠪᠲᠣ ᠪᠣᠯᠪᠠᠰᠣᠷᠠᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠳᠤ᠂ ᠬᠤᠰᠢᠭᠤ ᠨᠠᠮ ᠤᠨ | ᠰᠣᠷᠭᠠᠭᠤᠯᠢ ᠶᠢᠨ ᠪᠠᠭᠰᠢ ᠶᠢ ᠣᠷᠢᠵᠦ ᠵᠡᠮᠳᠡᠭᠴᠣᠳ ᠤᠨ ᠰᠡᠳᠬᠢᠴᠡ ᠶᠢᠨ ᠡᠷᠡᠬᠦᠯ ᠮᠡᠨᠲᠣ ᠶᠢᠨ ᠳᠣᠬᠠᠢ ᠳᠣᠰᠬᠠᠢ | ᠳᠠᠶᠢᠯᠦᠮᠵᠢ ᠬᠢᠯᠬᠡᠵᠦ ᠬᠤᠳᠠ ᠶᠢᠨ ᠵᠡᠮᠳᠡᠭᠴᠣᠳ ᠤᠨ ᠬᠤᠯᠪᠤᠭᠠᠲᠤ ᠬᠤᠷᠠᠯ ᠪᠣᠯᠣᠨ ᠬᠤᠰᠢᠭᠤ ᠵᠡᠮᠳᠡᠭᠴᠣᠳ ᠤᠨ | ᠬᠤᠯᠪᠤᠭᠠᠲᠤ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠵᠡᠮᠳᠡᠭᠴᠣᠳ ᠲᠤ ᠦᠵᠡᠬᠦᠯᠬᠦ ᠬᠠᠷᠠᠭᠠᠯᠵᠠᠯ | ᠤᠨ ᠳᠦᠷᠦ ᠶᠢᠨ ᠪᠣᠳᠣᠯᠭ᠎ᠠ ᠶᠢ ᠣᠯᠠᠮᠵᠢᠯᠠᠨ ᠲᠤᠭᠤᠰᠢᠯᠠᠭᠤᠯᠬᠤ ᠳᠣᠬᠠᠢ ᠳᠠᠶᠢᠴᠢᠯᠠᠯᠳᠠ ᠶᠢᠨ ᠶᠠᠷᠢᠶ᠎ᠠ ᠲᠠᠯᠪᠢᠨ | ᠰᠢᠨ᠎ᠡ ᠣᠨ ᠤ ᠮᠡᠨᠲᠣ ᠬᠦᠷᠭᠡᠭᠰᠡᠨ ᠪᠠᠶᠢᠨ᠎ᠠ᠃ ᠪᠠᠰᠠ ᠳᠠᠷᠬᠠᠨᠯᠠᠮ᠎ᠠ ᠭᠠᠴᠠᠭᠠᠨ ᠤ ᠵᠡᠮᠳᠡᠭ ᠬᠡᠣᠬᠡᠳ ᠢ ᠳᠣᠰᠠᠯᠠᠬᠤ | ᠶᠣᠰᠣᠯᠠᠯ ᠶᠠᠪᠣᠭᠳᠠᠭᠤᠯᠵᠦ ᠠᠬᠤᠢ ᠳᠠᠯᠠᠪᠣᠷ ᠲᠤ ᠬᠦᠷᠦᠯᠴᠡᠨ ᠢᠷᠡᠭᠰᠡᠨ ᠵᠡᠮᠳᠡᠭᠴᠣᠳ ᠵᠢᠴᠢ ᠳᠡᠳᠡᠨ ᠤ ᠬᠡᠷ ᠪᠦᠯᠢ | ᠶᠢᠨ ᠬᠢᠨ ᠳᠤ ᠳᠣᠬᠤᠨᠢᠭᠤᠯᠭ᠎ᠠ ᠶᠢᠨ ᠪᠣᠳᠠᠰ ᠬᠦᠷᠭᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠦᠦᠰᠢᠨ ᠬᠤᠰᠢᠭᠤᠨ ᠤ ᠮᠠᠯᠴᠢᠳ ᠤᠨ ᠬᠠᠶᠢᠷ᠎ᠠ ᠬᠠᠯᠠᠮᠵᠢ ᠳᠡᠵᠢᠬᠡᠨ ᠦᠷᠡᠵᠢᠬᠦᠯᠬᠦ | ᠳᠣᠰᠬᠠᠢ ᠬᠤᠷᠰᠢᠶᠠᠵᠢᠯ ᠢ 2018 ᠣᠨ ᠤ 1 ᠳ᠋ᠤᠭᠡᠷ ᠰᠠᠷ᠎ᠠ ᠳᠤ ︽ᠨᠠᠮ ᠤᠨ ᠡᠬᠦᠷ + ᠬᠤᠷᠰᠢᠶᠠᠵᠢᠯ + | ᠵᠡᠮᠳᠡᠭᠴᠣᠳ︾ ᠬᠡᠰᠡᠨ ᠳᠣᠰᠬᠠᠢ ᠳᠣᠮᠢᠶᠠᠯᠠᠯ ᠢᠶᠠᠷ ᠪᠠᠶᠢᠭᠤᠯᠵᠦ ᠬᠤᠰᠢᠭᠤ ᠵᠡᠮᠳᠡᠭᠴᠣᠳ ᠤᠨ ᠬᠤᠯᠪᠤᠭᠠᠲᠤ ᠬᠤᠷᠠᠯ | ᠠᠴᠠ 20 ᠲᠦᠮᠡᠨ ᠳᠦᠬᠦᠷᠢᠭ ᠤᠨ ᠪᠡᠯᠡ ᠮᠦᠩᠬᠦ ᠪᠠᠭᠤᠯᠭᠠᠨ ᠳᠡᠭᠡᠲᠦ ᠱᠠᠳᠣᠨ ᠤ ᠵᠦᠪᠰᠢᠶᠡᠷᠡᠯ ᠢᠶᠠᠷ 108 | ᠳᠡᠭᠰᠢ ᠳᠦᠷᠪᠡᠯᠵᠢᠨ ᠮᠧᠲᠷ ᠤᠨ ᠪᠠᠶᠢᠰᠢᠩ ᠬᠡᠷ ᠢ ᠪᠠᠷᠢᠵᠦ ᠵᠡᠮᠳᠡᠭᠴᠣᠳ ᠤᠨ ᠦᠢᠯᠡᠰ ᠪᠣᠰᠬᠠᠬᠤ ᠳᠤ | ᠦᠢᠯᠡᠴᠢᠯᠡᠭᠰᠡᠨ ᠪᠠᠶᠢᠨ᠎ᠠ᠃ | 2017 ᠣᠨ ᠠᠴᠠ ᠡᠬᠢᠯᠡᠨ ᠪᠠᠶᠢᠭᠤᠯᠣᠭᠰᠠᠨ ᠦᠦᠰᠢᠨ ᠬᠤᠰᠢᠭᠤᠨ ᠤ ᠪᠠᠶᠠᠨ ᠳᠠᠷᠢᠶᠠᠯᠠᠩ ᠤᠨ | ᠮᠠᠰᠢᠨᠴᠢᠯᠠᠯᠲᠠ ᠤᠨ ᠳᠣᠰᠬᠠᠢ ᠬᠤᠷᠰᠢᠶᠠᠵᠢᠯ ᠨᠢ ᠴᠦ ᠵᠡᠮᠳᠡᠭ ᠶᠠᠳᠠᠭᠤ ᠬᠦᠮᠦᠰ ᠲᠤ ᠬᠠᠯᠠᠭᠤᠨ ᠭᠠᠷ ᠢᠶᠠᠨ | ᠰᠣᠩᠭᠠᠨ 2017 ᠣᠨ ᠪᠠ 2018 ᠣᠨ ᠤ ᠬᠤᠭᠤᠷᠤᠨᠳᠤ ᠦᠨ᠎ᠡ ᠳᠦᠯᠦᠪᠦᠷᠢ ᠦᠬᠡᠢ ᠪᠠᠷ 570 ᠮᠣ᠋ ᠭᠠᠵᠠᠷ | ᠲᠤ 270 ᠮᠣ᠋ ᠴᠢᠨᠠᠷᠯᠢᠭ ᠡᠪᠡᠰᠦ ᠳᠠᠷᠢᠭᠰᠠᠨ ᠪᠦᠬᠡᠳ ᠬᠤᠰᠢᠭᠤᠨ ᠤ ᠵᠡᠮᠳᠡᠭᠴᠣᠳ ᠤᠨ ᠬᠤᠯᠪᠤᠭᠠᠲᠤ ᠬᠤᠷᠠᠯ | ᠠᠴᠠ ᠡᠪᠡᠰᠦ ᠳᠠᠷᠢᠭᠰᠠᠨ ᠡᠷᠦᠬᠡ ᠪᠦᠷᠢ ᠳᠤ 1000 —2000 ᠳᠦᠬᠦᠷᠢᠭ ᠤᠨ ᠨᠦᠬᠦᠪᠦᠷᠢ ᠣᠯᠭᠤᠨ | ᠵᠣᠷᠢᠭᠵᠢᠭᠤᠯᠵᠦ ᠮᠠᠯ ᠳᠡᠵᠢᠬᠡᠪᠦᠷᠢ ᠶᠢ ᠬᠦᠭᠵᠢᠬᠦᠯᠬᠦ ᠠᠩᠬᠠᠨ ᠤ ᠰᠠᠭᠤᠷᠢ ᠶᠢ ᠳᠠᠯᠪᠢᠵᠠᠢ᠃ 2019 ᠣᠨ ᠳᠤ | ᠨᠢᠬᠡ ᠪᠦᠯᠦᠭ ᠦᠢᠯᠡᠰ ᠪᠣᠰᠬᠠᠬᠤ ᠡᠷᠦᠬᠡ ᠶᠢ ᠳᠠᠶᠢᠴᠢᠯᠠᠨ ᠳᠠᠭᠠᠭᠤᠯᠵᠦ 20 ᠵᠡᠮᠳᠡᠭᠴᠣᠳ ᠤᠨ ᠡᠷᠦᠬᠡ ᠳᠤ 40 | ᠲᠦᠮᠡᠨ ᠳᠦᠬᠦᠷᠢᠭ ᠤᠨ ᠳᠦᠷᠦᠯ ᠵᠦᠢᠯ ᠤᠨ ᠮᠦᠩᠬᠦ ᠶᠢ ᠣᠯᠭᠤᠵᠠᠦ ᠬᠡᠰᠢᠬᠦᠳ ᠤᠨ ᠰᠠᠶᠢᠨ ᠳᠣᠷ᠎ᠠ ᠶᠢ | ᠦᠨᠳᠦᠰᠦᠯᠡᠨ 11 ᠡᠷᠦᠬᠡ ᠶᠢ ᠭᠤᠣᠯᠳᠠᠯᠭ᠎ᠠ ᠲᠠᠢ ᠳᠡᠮᠵᠢᠵᠦ ᠳᠣᠰᠪᠣᠷᠢ ᠬᠤᠶᠠᠷ ᠦᠬᠡᠷ ᠠᠪᠴᠦ ᠦᠭᠬᠦᠬᠡᠳ | ᠡᠷᠦᠬᠡ ᠪᠦᠷᠢ ᠳᠤ ᠨᠢᠬᠡ ᠲᠦᠮᠡᠨ ᠳᠦᠬᠦᠷᠢᠭ ᠳᠣᠰᠠᠯᠠᠵᠠᠢ᠃ | ᠣᠶᠢᠯᠠᠭᠠᠭᠰᠠᠨ ᠢᠶᠠᠷ᠂ ᠳᠣᠰ ᠬᠤᠶᠠᠷ ᠬᠤᠷᠰᠢᠶᠠᠵᠢᠯ ᠳᠤ ᠬᠤᠳᠠ ᠬᠤᠰᠢᠭᠤ ᠬᠤᠶᠠᠷ ᠱᠠᠳᠣᠨ ᠤ | ᠵᠡᠮᠳᠡᠭᠴᠣᠳ ᠤᠨ ᠬᠤᠯᠪᠤᠭᠠᠲᠤ ᠬᠤᠷᠠᠯ ᠠᠴᠠ ᠣᠷᠢᠳ ᠬᠤᠵᠢᠳ ᠨᠡᠶᠢᠳᠡ 70.5 ᠳᠦᠮᠡᠨ ᠳᠦᠬᠦᠷᠢᠭ ᠤᠨ ᠪᠡᠯᠡ | ᠮᠦᠩᠬᠦ ᠳᠣᠰᠠᠯᠠᠵᠦ ᠳᠠᠷᠬᠠᠨᠯᠠᠮ᠎ᠠ ᠭᠠᠴᠠᠭᠠᠨ ᠤ ᠵᠡᠮᠳᠡᠭᠴᠣᠳ ᠤᠨ ᠶᠠᠳᠠᠭᠤ ᠠᠴᠠ ᠠᠩᠬᠢᠵᠢᠷᠠᠵᠦ ᠦᠢᠯᠡᠰ ᠪᠣᠰᠬᠠᠬᠤ | ᠳᠤ ᠳᠣᠰᠠᠯᠠᠭᠰᠠᠨ ᠪᠠᠶᠢᠨ᠎ᠠ᠃ | |