ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ | ᠯᠢ ᠺᠧ ᠴᠢᠶᠠᠩ ᠯᠢ ᠵᠠᠨ ᠱᠦ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠤᠷᠤᠯᠴᠠᠵᠠᠢ | ᠸᠠᠩ ᠶᠠᠩ ᠡᠷᠬᠢᠯᠡᠪᠡ | | | | | 12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠰᠢᠨ᠎ᠠ ᠵᠢᠯ ᠤᠨ | ᠴᠠᠶᠢᠯᠠᠯᠭ᠎ᠠ ᠬᠢᠪᠠ᠃ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ | ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ | ᠴᠠᠶᠢᠯᠠᠯᠭ᠎ᠠ ᠳᠡᠭᠡᠷ᠎ᠠ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠠᠩ ᠰᠢᠩ ᠯᠸᠢ ᠰᠡᠭᠦᠳᠡᠷᠯᠡᠪᠡ | | | | | | 12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠰᠢᠨ᠎ᠠ ᠵᠢᠯ ᠤᠨ | ᠴᠠᠶᠢᠯᠠᠯᠭ᠎ᠠ ᠬᠢᠪᠠ᠃ ᠨᠠᠮ ᠪᠤᠯᠤᠨ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ | ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠤᠷᠤᠯᠴᠠᠬᠤ ᠶᠢᠨ | ᠬᠠᠮᠳᠤ ᠲᠤᠭᠯᠠᠯᠳᠠ ᠶᠢ ᠰᠤᠨᠢᠷᠬᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 2019 ᠤᠨ ᠤ 12 ᠰᠠᠷ᠎ᠠ ᠶᠢᠨ 31 ᠤ ᠴᠠᠬᠢᠯᠭᠠᠨ ᠮᠡᠳᠡᠭᠡ ︵ | ᠰᠤᠷᠪᠤᠯᠵᠢᠯᠠᠬᠴᠢ ᠶᠠᠩ ᠸᠧᠢ ᠬᠠᠨ ᠯᠢᠨ ᠬᠤᠢ︶ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠦᠪᠯᠡᠯᠭᠡᠨ ᠤ ᠪᠦᠬᠦ ᠤᠯᠤᠰ ᠤᠨ ᠬᠤᠷᠢᠶ᠎ᠠ 12 ᠰᠠᠷ᠎ᠠ ᠶᠢᠨ 31 ᠤ ᠦᠳᠡ ᠶᠢᠨ ᠡᠮᠦᠨ᠎ᠠ ᠪᠦᠬᠦ ᠤᠯᠤᠰ ᠤᠨ | ᠤᠯᠤᠰ ᠲᠦᠷᠦ ᠶᠢᠨ ᠵᠦᠪᠯᠡᠯᠭᠡᠨ ᠤ ᠶᠤᠰᠤᠯᠠᠯ ᠤᠨ ᠲᠠᠩᠬᠢᠮ ᠳᠤ ᠰᠢᠨ᠎ᠠ ᠵᠢᠯ ᠤᠨ ᠴᠠᠶᠢᠯᠠᠯᠭ᠎ᠠ ᠬᠢᠪᠠ᠃ ᠨᠠᠮ ᠪᠤᠯᠤᠨ | ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ | ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠡᠯ᠎ᠠ ᠠᠷᠠᠳᠴᠢᠯᠠᠬᠰᠠᠨ ᠨᠠᠮ ᠪᠦᠯᠦᠭ ᠤᠨ ᠲᠦᠪ | ᠬᠤᠷᠢᠶ᠎ᠠ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ ᠪᠠ ᠨᠠᠮ | ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠳᠠᠯ | ᠪᠦᠬᠦᠢ ᠲᠠᠯ᠎ᠠ ᠶᠢᠨ ᠬᠠᠷᠢᠭᠤᠴᠠᠯᠭᠠᠳᠠᠨ ᠵᠢᠴᠢ ᠨᠡᠶᠢᠰᠯᠡᠯ ᠤᠨ ᠦᠨᠳᠦᠰᠦᠳᠡᠨ ᠨᠦᠭᠦᠳ ᠤᠨ ᠡᠯ᠎ᠠ ᠡᠳᠡᠭᠡᠳ ᠤᠨ | ᠬᠦᠮᠦᠰ ᠤᠨ ᠲᠦᠯᠦᠭᠡᠯᠡᠭᠴᠢᠳ ᠲᠠᠢ ᠬᠠᠮᠳᠦ ᠨᠢᠭᠡ ᠲᠠᠩᠬᠢᠮ ᠳᠤ ᠬᠤᠷᠠᠨ ᠴᠤᠬᠯᠠᠷᠠᠵᠦ᠂ 2020 ᠤᠨ ᠢᠶᠠᠨ | ᠪᠠᠶᠠᠷᠯᠠᠨ ᠤᠬᠳᠤᠵᠠᠢ᠃ | ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ | ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠴᠠᠶᠢᠯᠠᠯᠭ᠎ᠠ | ᠳᠡᠭᠡᠷ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠨᠢ | ᠳᠤᠮᠳᠠᠳᠤ ᠶᠢᠨ ᠦᠨᠳᠦᠰᠦᠳᠡᠨ ᠤ ᠴᠦᠬᠦᠷᠡᠰᠢ ᠦᠭᠡᠢ ᠬᠦᠭᠡᠭᠡᠴᠡᠯᠳᠦᠵᠤ ᠪᠠᠶᠢᠭ᠎ᠠ ᠰᠠᠶᠢᠨ ᠰᠠᠶᠢᠬᠠᠨ ᠬᠦᠰᠡᠯ | ᠵᠡᠬᠦᠳᠦ ᠶᠢ ᠠᠴᠢᠶᠠᠯᠠᠵᠦ ᠪᠠᠶᠢᠳᠠᠭ᠃ ᠤᠷᠳᠤ ᠬᠤᠭᠤᠴᠠᠭᠠᠨ ᠤ ᠪᠡᠷᠭᠡ ᠬᠠᠳᠠᠭᠤᠵᠢᠯᠳᠠᠢ ᠰᠦᠪᠡᠭᠴᠢᠯᠡᠯᠳᠠ ᠪᠠ | ᠴᠦᠬᠦᠷᠡᠰᠢ ᠦᠭᠡᠢ ᠴᠢᠷᠮᠠᠶᠢᠯᠭ᠎ᠠ ᠪᠠᠷ᠂ ᠪᠢᠳᠠ ᠤᠳᠠᠯ ᠦᠭᠡᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠤᠷᠢᠳᠦ ᠢᠯᠠᠯᠳᠠ ᠶᠢ ᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠠᠭᠤᠤ | ᠶᠡᠭᠡ ᠢᠯᠠᠯᠳᠠ ᠶᠢ ᠤᠯᠬᠤ ᠪᠤᠯᠤᠨ᠎ᠠ᠃ ᠡᠨᠡ ᠨᠢ ᠨᠤᠭᠤᠷᠠᠰᠢ ᠦᠭᠡᠢ ᠲᠡᠮᠡᠴᠡᠵᠤ᠂ ᠤᠷᠳᠤ ᠬᠤᠭᠤᠴᠠᠭ᠎ᠠ ᠪᠠᠷ | ᠲᠡᠮᠡᠴᠡᠭᠰᠡᠨ ᠤ ᠦᠷ᠎ᠠ ᠳ᠋ᠦᠩ ᠪᠤᠯᠬᠤ ᠶᠤᠮ᠂ ᠨᠡᠩ ᠴᠦ ᠰᠢᠨ᠎ᠠ ᠠᠶᠠᠨ ᠢᠶᠠᠨ ᠡᠬᠢᠯᠡᠬᠦᠯᠵᠦ᠂ ᠲᠠᠷᠪᠠᠭᠤᠯ ᠪᠤᠰᠬᠠᠨ | ᠲᠠᠬᠢᠨ ᠮᠤᠷᠳᠠᠬᠤ ᠶᠢᠨ ᠲᠠᠶᠢᠴᠢᠯᠠᠯᠳᠠ ᠪᠤᠯᠬᠤ ᠶᠤᠮ᠃ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ | ᠲᠦᠮᠡᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠤᠭᠤᠷᠢᠨ ᠳᠤ ᠨᠢᠬᠳᠠ ᠪᠦᠯᠬᠦᠮᠳᠡᠵᠦ᠂ ᠳᠤᠮᠳᠠᠳᠤ | ᠤᠯᠤᠰ ᠤᠨ ᠡᠪ ᠬᠠᠮᠳᠦ ᠨᠠᠮ ᠤᠨ ᠤᠳᠤᠷᠢᠳᠤᠬᠰᠠᠨ ᠤᠯᠤᠰ ᠲᠦᠷᠦ ᠶᠢᠨ ᠲᠠᠪᠠᠭᠤᠯᠢᠭ ᠪᠠ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠠᠪᠠᠭᠤᠯᠢᠭ ᠢ ᠪᠠᠳᠠᠷᠠᠭᠤᠯᠤᠨ᠂ ᠢᠳᠡᠭᠡᠯ ᠢᠶᠠᠨ ᠪᠠᠳᠤᠳᠬᠠᠵᠦ | ᠂ ᠡᠷᠡᠮᠡᠭᠡᠶᠢᠯᠡᠨ ᠲᠠᠪᠰᠢᠵᠦ᠂ ᠵᠤᠷᠢᠬᠳᠠᠢ ᠲᠡᠮᠡᠴᠡᠵᠦ᠂ ᠴᠢᠳᠠᠮᠠᠭᠠᠢ ᠲᠡᠮᠡᠴᠡᠳᠡᠭ ᠯᠠ ᠶᠤᠮ ᠪᠤᠯ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠢᠯᠠᠯᠳᠠ ᠶᠢ ᠯᠠᠪᠲᠠᠢ ᠤᠯᠵᠦ ᠴᠢᠳᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠠ ᠠᠴᠠ᠂ ᠡᠯ᠎ᠠ ᠠᠷᠠᠳᠴᠢᠯᠠᠬᠰᠠᠨ ᠨᠠᠮ | ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠦᠮᠦᠰ᠂ ᠡᠯ᠎ᠠ ᠠᠷᠠᠳ ᠤᠨ | ᠪᠦᠯᠬᠦᠮ ᠨᠢᠭᠡᠴᠢ᠂ ᠪᠦᠬᠦ ᠤᠯᠤᠰ ᠤᠨ ᠦᠷᠭᠡᠨ ᠤᠯᠠᠨ ᠠᠵᠢᠯᠴᠢᠨ᠂ ᠲᠠᠷᠢᠶᠠᠴᠢᠨ᠂ ᠰᠡᠭᠡᠭᠡᠳᠡᠨ᠂ ᠺᠠᠳ᠋ᠷ ᠪᠠ ᠡᠯ᠎ᠠ | ᠡᠳᠡᠭᠡᠳ ᠤᠨ ᠬᠦᠮᠦᠰ᠂ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠵᠡᠪᠰᠡᠭᠳᠦ | ᠴᠠᠭᠳᠠᠭ᠎ᠠ ᠶᠢᠨ ᠳᠠᠷᠤᠭ᠎ᠠ ᠪᠠᠶᠢᠯᠳᠤᠬᠴᠢ᠂ ᠳᠤᠳᠤᠭᠠᠳᠦ ᠶᠢ ᠬᠠᠮᠠᠭᠠᠯᠠᠬᠤ ᠺᠠᠳ᠋ᠷ ᠴᠠᠭᠳᠠᠭ᠎ᠠ ᠪᠠ ᠭᠠᠯ ᠰᠡᠷᠭᠡᠶᠢᠯᠡᠬᠦ | ᠭᠠᠯ ᠤᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ ᠵᠢᠯᠤᠭᠤᠳᠤᠬᠴᠢ ᠪᠠᠶᠢᠯᠳᠤᠬᠴᠢ᠂ ᠰᠢᠶᠠᠩᠭᠠᠩ ᠤᠨᠴᠠᠭᠠᠢ | ᠵᠠᠰᠠᠭ ᠵᠠᠬᠢᠷᠭᠠᠨ ᠤ ᠤᠷᠤᠨ ᠤ ᠠᠬ᠎ᠠ ᠳᠡᠬᠦᠦ ᠨᠠᠷ᠂ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠠᠬ᠎ᠠ | ᠳᠡᠬᠦᠦ ᠨᠠᠷ᠂ ᠲᠠᠶᠢᠸᠠᠨ ᠤ ᠠᠬ᠎ᠠ ᠳᠡᠬᠦᠦ ᠨᠠᠷ ᠪᠠ ᠭᠠᠳᠠᠭᠠᠳᠦ ᠳᠤ ᠪᠠᠶᠢᠭ᠎ᠠ ᠳᠤᠮᠳᠠᠳᠤ ᠶᠢᠨ ᠬᠠᠷᠢᠶᠠᠳᠤ ᠨᠠᠷ᠂ | ᠳᠤᠮᠳᠠᠳᠤ ᠤᠯᠤᠰ ᠤᠨ ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ | ᠬᠠᠯᠠᠮᠵᠢᠯᠠᠨ ᠳᠡᠮᠵᠢᠵᠦ ᠪᠠᠶᠢᠭ᠎ᠠ ᠡᠯ᠎ᠠ ᠤᠯᠤᠰ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠦᠩᠨᠡᠯ ᠲᠡᠪᠰᠢᠬᠦᠯᠵᠦ᠂ | ᠰᠢᠨ᠎ᠠ ᠵᠢᠯ ᠤᠨ ᠮᠡᠨᠳᠦ ᠬᠦᠷᠭᠡᠵᠡᠢ᠃ | ᠰᠢ ᠶᠢᠨ ᠫᠢᠩ᠂ 2019 ᠤᠨ ᠪᠤᠯ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠪᠤᠯᠬᠤ ᠪᠦᠭᠡᠳ ᠪᠠᠰᠠ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ | ᠤᠯᠬᠤ ᠶᠢᠨ ᠵᠠᠩᠬᠢᠯᠠᠭ᠎ᠠ ᠶᠢᠨ ᠵᠢᠯ ᠮᠦᠨ᠃ ᠨᠢᠭᠡ ᠵᠢᠯ ᠤᠨ ᠲᠤᠷᠰᠢ᠂ ᠪᠢᠳᠠ ᠤᠯᠠᠨ ᠢᠶᠠᠷ ᠢᠶᠠᠨ ᠬᠠᠮᠳᠦ ᠪᠠᠷ | ᠲᠡᠮᠡᠴᠡᠵᠦ᠂ ᠬᠠᠮᠳᠦ ᠪᠠᠷ ᠪᠡᠷᠭᠡ ᠶᠢ ᠲᠠᠪᠠᠨ ᠪᠤᠭᠤᠮᠳᠠ ᠰᠢᠪᠳᠤᠯᠵᠦ᠂ ᠮᠠᠰᠢ ᠶᠡᠭᠡ ᠬᠦᠴᠦ ᠬᠦᠳᠡᠯᠮᠦᠷᠢ ᠭᠠᠷᠭᠠᠨ᠂ | ᠪᠠᠰᠠ ᠮᠠᠰᠢ ᠤᠯᠠᠨ ᠦᠷ᠎ᠠ ᠪᠦᠳᠦᠮᠵᠢ ᠤᠯᠵᠠᠢ᠃ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ | ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠳᠠᠭᠠᠭᠤᠯᠵᠦ᠂ ᠤᠯᠤᠰ ᠤᠨ | ᠳᠤᠳᠤᠭᠠᠳᠦ ᠭᠠᠳᠠᠭᠠᠳᠦ ᠶᠢᠨ ᠠᠶᠦᠯ ᠲᠦᠭᠰᠢᠬᠦᠷᠢ ᠦᠷᠢᠰᠦᠯᠳᠦᠭᠡᠨ ᠢᠯᠡᠷᠭᠡᠢ ᠨᠡᠮᠡᠭᠳᠡᠵᠦ ᠪᠠᠶᠢᠭ᠎ᠠ ᠨᠠᠷᠢᠨ | ᠪᠤᠳᠤᠯᠢᠶᠠᠨᠳᠠᠢ ᠪᠠᠶᠢᠳᠠᠯ ᠢ ᠯᠠᠪᠳᠠᠭᠤᠨ ᠪᠠᠲᠤᠲᠠᠢ ᠪᠠᠷ ᠠᠷᠭᠠᠴᠠᠭᠠᠵᠦ᠂ ᠰᠢᠨ᠎ᠠ ᠬᠦᠭᠵᠢᠯᠳᠠ ᠶᠢᠨ | ᠤᠢᠢᠯᠠᠭᠠᠭᠳᠠᠬᠤᠨ ᠢ ᠲᠤᠭᠤᠰᠢᠯᠠᠭᠤᠯᠤᠨ᠂ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠬᠦᠴᠦᠯᠠᠨ | ᠰᠠᠶᠢᠳᠤᠷ ᠬᠢᠵᠦ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ | ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠴᠢᠬᠤᠯᠠ ᠶᠡᠭᠡ ᠰᠢᠨ᠎ᠠ ᠠᠬᠢᠯᠳᠠ ᠲᠠᠢ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠦᠷᠬᠦᠯᠵᠢᠯᠡᠨ ᠬᠦᠴᠦᠳᠠᠢ ᠠᠬᠢᠭᠤᠯᠵᠦ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠭᠤᠤᠯ ᠪᠤᠯᠬᠤ ᠬᠦᠢᠴᠡᠳᠭᠡᠯ ᠲᠤᠭ᠎ᠠ ᠶᠢᠨ ᠠᠬᠢᠴᠠ ᠵᠢᠱᠢᠯᠲᠡ ᠳᠤ ᠨᠡᠶᠢᠴᠡᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠨᠡᠩ ᠪᠠᠳᠤ ᠪᠠᠬᠢ ᠰᠠᠭᠤᠷᠢ ᠶᠢ ᠲᠠᠯᠪᠢᠵᠠᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠡᠨᠡ ᠵᠢᠯ ᠳᠤ᠂ ᠪᠢᠳᠠ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠬᠦ ᠠᠯᠢ ᠤᠯᠠᠨ ᠠᠵᠢᠯᠯᠠᠭ᠎ᠠ ᠶᠢ ᠦᠪᠡᠳᠡᠭᠰᠢ ᠶᠡᠭᠡ ᠪᠠᠷ ᠦᠷᠨᠢᠬᠦᠯᠵᠦ᠂ ᠳᠤᠮᠳᠠᠳᠤ ᠤᠯᠤᠰ ᠤᠨ ᠡᠪ | ᠬᠠᠮᠳᠦ ᠨᠠᠮ ᠤᠨ ᠲᠡᠦᠭᠡ᠂ ᠰᠢᠨ᠎ᠠ ᠳᠤᠮᠳᠠᠳᠤ ᠤᠯᠤᠰ ᠤᠨ ᠲᠡᠦᠭᠡ ᠶᠢ ᠠᠮᠢᠳᠤᠯᠢᠭ ᠢᠶᠠᠷ ᠲᠤᠰᠬᠠᠨ ᠦᠵᠡᠬᠦᠯᠵᠤ᠂ | ᠰᠢᠨ᠎ᠠ ᠳᠤᠮᠳᠠᠳᠤ ᠤᠯᠤᠰ ᠢᠶᠠᠨ ᠮᠠᠬᠳᠠᠨ ᠳᠠᠭᠤᠯᠠᠬᠤ᠂ ᠰᠢᠨ᠎ᠠ ᠴᠠᠭ ᠦᠶ᠎ᠠ ᠳᠤ ᠡᠷᠡᠮᠡᠭᠡᠶᠢᠯᠡᠨ ᠤᠷᠤᠬᠰᠢᠯᠠᠬᠤ ᠰᠦᠷ | ᠵᠢᠪᠬᠤᠭᠠᠳᠦ ᠠᠶᠠᠰ ᠢ ᠬᠠᠩᠬᠢᠨᠠᠭᠤᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ | ᠠᠷᠠᠳ ᠲᠦᠮᠡᠨ ᠪᠠ ᠤᠯᠤᠰ ᠤᠨ ᠳᠤᠳᠤᠭᠠᠳᠦ ᠭᠠᠳᠠᠭᠠᠳᠦ ᠶᠢᠨ ᠳᠤᠮᠳᠠᠳᠤ ᠶᠢᠨ ᠬᠦᠪᠡᠬᠦᠳ ᠦᠬᠢᠳ ᠤᠨ | ᠤᠯᠤᠰ ᠢᠶᠠᠨ ᠬᠠᠶᠢᠷᠠᠯᠠᠬᠤ ᠤᠷᠮ᠎ᠠ ᠰᠡᠳᠬᠢᠯᠭᠡ ᠪᠠ ᠲᠡᠮᠡᠴᠡᠯ ᠤᠨ ᠵᠤᠷᠢᠭ ᠰᠠᠨᠠᠭ᠎ᠠ ᠶᠢ ᠶᠡᠭᠡ ᠪᠠᠷ ᠬᠦᠪᠴᠢᠯᠡᠵᠦ᠂ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠯᠤᠳᠤ ᠶᠡᠭᠡ ᠠᠮᠵᠢᠯᠳᠠ ᠪᠠ ᠬᠦᠴᠦᠷᠬᠡᠭ ᠴᠢᠩᠭ᠎ᠠ | ᠠᠮᠢᠵᠢᠷᠠᠯ ᠤᠨ ᠬᠦᠴᠦ ᠶᠢ ᠳᠡᠯᠭᠡᠨ ᠦᠵᠡᠬᠦᠯᠵᠡᠢ᠃ ᠡᠨᠡ ᠵᠢᠯ ᠳᠤ᠂ ᠪᠢᠳᠠ ᠦᠷᠬᠦᠯᠵᠢᠯᠡᠨ ᠦᠭᠡᠷᠡᠴᠢᠯᠡᠯᠳᠠ ᠶᠢ | ᠪᠦᠬᠦ ᠲᠠᠯ᠎ᠠ ᠪᠠᠷ ᠬᠦᠨᠵᠡᠭᠡᠶᠢᠷᠡᠬᠦᠯᠪᠡ᠃ ᠡᠨᠡ ᠵᠢᠯ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ | ᠬᠦᠨᠵᠡᠭᠡᠶᠢᠷᠡᠬᠦᠯᠬᠦ ᠵᠦᠪᠯᠡᠯ ᠠᠴᠠ ᠪᠠᠶᠢᠷᠢᠯᠠᠭᠤᠯᠤᠭᠰᠠᠨ 46 ᠭᠤᠤᠯᠳᠠᠯᠭ᠎ᠠ ᠲᠠᠢ ᠦᠭᠡᠷᠡᠴᠢᠯᠡᠯᠳᠠ ᠶᠢᠨ ᠡᠬᠦᠷᠭᠡ ᠪᠠ | ᠪᠤᠰᠤᠳ 61 ᠦᠭᠡᠷᠡᠴᠢᠯᠡᠯᠳᠠ ᠶᠢᠨ ᠡᠬᠦᠷᠭᠡ ᠶᠢ ᠦᠨᠳᠦᠰᠦᠨ ᠳᠡᠭᠡᠨ ᠪᠡᠶᠡᠯᠡᠬᠦᠯᠵᠦ᠂ ᠲᠦᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠᠰᠠ 178 ᠦᠭᠡᠷᠡᠴᠢᠯᠡᠯᠳᠠ ᠶᠢᠨ ᠡᠬᠦᠷᠭᠡ ᠶᠢ | ᠪᠡᠶᠡᠯᠡᠬᠦᠯᠵᠦ᠂ ᠡᠯ᠎ᠠ ᠲᠠᠯ᠎ᠠ ᠶᠢᠨ ᠬᠢᠨ ᠨᠡᠶᠢᠳᠡ 285 ᠦᠭᠡᠷᠡᠴᠢᠯᠡᠯᠳᠠ ᠶᠢᠨ ᠲᠦᠰᠦᠯ ᠢ ᠲᠤᠭᠲᠠᠭᠠᠪᠠ᠃ | ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠡᠳᠤᠭᠠᠷ ᠪᠦᠬᠦᠳᠠ ᠬᠤᠷᠠᠯ ᠠᠴᠠ ᠨᠠᠭᠠᠰᠢ᠂ ᠡᠯ᠎ᠠ ᠲᠠᠯ᠎ᠠ ᠶᠢᠨ ᠬᠢᠨ ᠨᠢᠭᠡᠨᠳᠠ 2217 ᠦᠭᠡᠷᠡᠴᠢᠯᠡᠯᠳᠠ ᠶᠢᠨ | ᠲᠦᠰᠦᠯ ᠢ ᠭᠠᠷᠭᠠᠵᠠᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠳᠤ᠂ ᠳᠤᠮᠳᠠᠳᠤ ᠤᠯᠤᠰ ᠤᠨ ᠡᠪ ᠬᠠᠮᠳᠦ ᠨᠠᠮ ᠪᠦᠬᠦ ᠨᠠᠮ ᠤᠨ ᠳᠤᠳᠤᠷ᠎ᠠ ︽ᠤᠬ | ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ | ᠦᠷᠨᠢᠬᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠦ᠂ ︽ | ᠲᠦᠷᠪᠡᠨ ᠰᠤᠷᠳᠠᠯ︾ ᠢᠯᠠᠩᠭᠤᠶ᠎ᠠ ᠭᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠭᠤᠶᠢᠪᠢᠰᠢ ᠦᠭᠡᠢ | ᠴᠡᠭᠴᠡᠯᠡᠨ ᠵᠠᠰᠠᠵᠦ᠂ ᠢᠯᠵᠠᠷᠠᠯ ᠢ ᠡᠰᠡᠷᠬᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠬᠦᠨᠵᠡᠭᠡᠶᠢᠷᠡᠬᠦᠯᠪᠡ᠃ | ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠲᠦᠷᠪᠡᠳᠦᠭᠡᠷ ᠪᠦᠬᠦᠳᠠ ᠬᠤᠷᠠᠯ ᠠᠴᠠ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢᠬᠢ | ᠪᠠᠶᠢᠭᠤᠯᠤᠯ ᠤᠨ ᠪᠠᠶᠢᠭᠤᠯᠤᠯᠳᠠ ᠶᠢᠨ ᠠᠮᠵᠢᠯᠳᠠ ᠪᠦᠳᠦᠮᠵᠢ ᠪᠠ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ | ᠰᠢᠨ᠎ᠠ ᠴᠠᠭ ᠦᠶ᠎ᠠ ᠶᠢᠨ ᠮᠠᠨ ᠤ ᠤᠯᠤᠰ ᠤᠨ ᠪᠠᠶᠢᠭᠤᠯᠤᠯ ᠤᠨ ᠪᠠᠶᠢᠭᠤᠯᠤᠯᠳᠠ ᠳᠤ ᠶᠠᠭᠤ ᠶᠢ ᠪᠠᠷᠢᠮᠳᠠᠯᠠᠨ | ᠪᠠᠬᠢᠵᠢᠬᠦᠯᠬᠦ᠂ ᠶᠠᠭᠤ ᠶᠢ ᠳᠡᠬᠦᠯᠳᠡᠷᠵᠢᠬᠦᠯᠦᠨ ᠬᠦᠭᠵᠢᠬᠦᠯᠬᠦ ᠭᠡᠳᠡᠭ ᠴᠢᠬᠤᠯᠠ ᠶᠡᠭᠡ ᠠᠰᠠᠭᠤᠳᠠᠯ ᠢ ᠬᠦᠨᠵᠡᠭᠡᠢ | ᠬᠠᠷᠢᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠳᠡ | ᠲᠠᠪᠠᠭᠤᠯᠢᠭ ᠢ ᠢᠯᠠ ᠳᠤᠳᠤᠷᠬᠠᠢ ᠳᠤᠷᠠᠳᠴᠦ᠂ ᠳᠤᠮᠳᠠᠳᠤ ᠤᠯᠤᠰ ᠤᠨ ᠠᠷᠠᠳ ᠲᠦᠮᠡᠨ ᠤ ︽ᠲᠦᠷᠪᠡᠨ ᠢᠳᠡᠭᠡᠯ︾ | ᠢᠶᠠᠨ ᠪᠠᠳᠤᠳᠬᠠᠬᠤ ᠰᠦᠰᠦ ᠵᠤᠷᠢᠭ ᠢ ᠴᠢᠩᠭᠠᠯᠠᠵᠠᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ 2020 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠡᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠬᠦ ᠰᠡᠬᠦᠯ ᠬᠤᠷᠢᠶᠠᠬᠤ | ᠵᠢᠯ ᠪᠤᠯᠤᠨ᠎ᠠ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠡᠬᠦᠷᠭᠡ ᠦᠩᠭᠡ ᠭᠡᠷᠡᠯᠳᠠᠢ | ᠪᠦᠭᠡᠳ ᠬᠠᠷᠢᠭᠤᠴᠠᠯᠭ᠎ᠠ ᠬᠦᠨᠳᠦ ᠨᠦᠰᠡᠷ ᠪᠠᠶᠢᠨ᠎ᠠ᠃ ᠪᠢᠳᠠ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠳᠤᠮᠳᠠᠳᠤ ᠤᠯᠤᠰ ᠤᠨ ᠡᠪ | ᠬᠠᠮᠳᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠭᠦᠷᠭᠡ ᠪᠠᠷ ᠭᠤᠤᠯᠲᠠᠭᠤᠯᠤᠨ | ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ | ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠬᠢᠴᠠᠭᠤᠯᠤᠨ ᠠᠬᠢᠭᠤᠯᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ | ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠦᠭᠡᠷᠡᠴᠢᠯᠡᠯᠳᠠ ᠨᠡᠭᠡᠭᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠦᠨ᠂ ᠨᠡᠮᠡᠭᠳᠡᠯ ᠢ ᠲᠤᠭᠳᠠᠪᠤᠷᠢᠵᠢᠭᠤᠯᠬᠤ᠂ | ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠬᠠᠷᠠᠭᠠᠯᠵᠠᠯ | ᠦᠵᠡᠬᠦᠯᠬᠦ᠂ ᠠᠶᠦᠯ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠳᠤᠯᠠᠬᠤ ᠠᠵᠢᠯ ᠢ ᠪᠦᠬᠦ ᠲᠠᠯ᠎ᠠ ᠪᠠᠷ | ᠰᠠᠶᠢᠳᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠴᠢᠨᠠᠷ ᠰᠠᠶᠢᠳᠠᠢ | ᠬᠢᠵᠦ᠂ ᠠᠵᠤ ᠠᠬᠤᠢ ᠶᠢᠨ ᠡᠷᠡᠬᠦᠯ ᠬᠦᠭᠵᠢᠯᠳᠠ᠂ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠬᠤ | ᠭᠡᠷᠡᠭᠲᠡᠢ᠃ ᠪᠢᠳᠠ ᠦᠷᠬᠦᠯᠵᠢᠯᠡᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾᠂ ︽ | ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠧᠨ ᠢᠶᠠᠨ ᠵᠠᠰᠠᠬᠤ︾᠂ ᠳᠡᠭᠡᠳᠦ | ᠭᠡᠮᠵᠢᠶ᠎ᠠ ᠪᠠᠷ ᠦᠪᠡᠷᠲᠡᠭᠡᠨ ᠵᠠᠰᠠᠬᠤ ᠴᠢᠭᠯᠡᠯᠳᠠ ᠶᠢ ᠲᠤᠭᠤᠰᠢᠯᠠᠭᠤᠯᠵᠦ᠂ ᠰᠢᠶᠠᠩᠭᠠᠩ᠂ ᠤᠤᠮᠧᠨ ᠤ ᠤᠷᠳᠤ | ᠬᠤᠭᠤᠴᠠᠭ᠎ᠠ ᠪᠠᠷ ᠬᠦᠭᠵᠢᠨ ᠴᠡᠴᠡᠭᠯᠡᠵᠤ ᠲᠤᠭᠳᠠᠭᠤᠨ ᠪᠠᠶᠢᠬᠤ ᠶᠢ ᠬᠠᠮᠠᠭᠠᠯᠠᠬᠤ ᠭᠡᠷᠡᠭᠲᠡᠢ᠃ ᠪᠢᠳᠠ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠳᠠᠯᠠᠵᠦ᠂ ︽ᠶᠡᠷᠡᠨ ᠬᠤᠶᠠᠷ ᠤᠨ ᠤ ᠬᠠᠮᠳᠦ ᠶᠢᠨ ᠲᠠᠨᠢᠯᠳᠠ︾ ᠶᠢᠨ | ᠰᠠᠭᠤᠷᠢᠨ ᠳᠡᠭᠡᠷ᠎ᠠ ᠬᠤᠶᠠᠷ ᠬᠦᠪᠡᠭᠡᠨ ᠤ ᠬᠠᠷᠢᠴᠠᠭ᠎ᠠ ᠶᠢᠨ ᠡᠩᠭᠡ ᠲᠠᠶᠢᠪᠤᠩ ᠢᠶᠠᠷ ᠬᠦᠭᠵᠢᠬᠦ ᠶᠢ ᠠᠬᠢᠭᠤᠯᠬᠤ | ᠭᠡᠷᠡᠭᠲᠡᠢ᠃ ᠪᠢᠳᠠ ᠡᠩᠭᠡ ᠲᠠᠶᠢᠪᠤᠩ᠂ ᠬᠦᠭᠵᠢᠯᠳᠠ᠂ ᠬᠠᠮᠳᠤᠷᠠᠯᠴᠠᠭ᠎ᠠ᠂ ᠬᠠᠮᠳᠤ ᠪᠠᠷ ᠠᠰᠢᠬ ᠬᠦᠷᠳᠡᠬᠦ ᠲᠤᠭ ᠢ | ᠦᠨᠳᠦᠷ ᠮᠠᠨᠳᠤᠭᠤᠯᠵᠦ᠂ ᠭᠠᠳᠠᠭᠠᠳᠦ ᠯᠤᠭ᠎ᠠ ᠶᠢᠨ ᠶᠠᠪᠤᠯᠴᠠᠭ᠎ᠠ ᠬᠠᠮᠳᠤᠷᠠᠯᠴᠠᠭ᠎ᠠ ᠪᠠᠨ ᠬᠦᠨᠵᠡᠭᠡᠶᠢᠷᠡᠬᠦᠯᠵᠦ᠂ ︽ | ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠤᠨ᠂ ᠳᠡᠯᠡᠭᠡᠢ ᠶᠢᠨ ᠡᠩᠭᠡ | ᠲᠠᠶᠢᠪᠤᠩ ᠪᠤᠯᠤᠨ ᠬᠦᠭᠵᠢᠯᠳᠠ ᠶᠢᠨ ᠡᠷᠬᠢᠮ ᠳᠡᠭᠡᠳᠦ ᠦᠢᠯᠡᠰ ᠲᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠲᠡᠢ | ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠨᠢᠭᠡ ᠵᠢᠯ ᠤᠨ ᠲᠤᠷᠰᠢ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠦᠵᠡᠯ | ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠬᠦᠴᠦᠯᠡᠨ ᠴᠢᠩᠭᠠᠳᠬᠠᠵᠦ᠂ ᠳᠤᠮᠳᠠᠳᠤ ᠤᠯᠤᠰ ᠤᠨ ᠡᠪ ᠬᠠᠮᠳᠦ ᠨᠠᠮ ᠤᠨ | ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ | ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠠᠬᠢᠭᠤᠯᠬᠤ ᠶᠢ ᠬᠠᠷᠢᠯᠴᠠᠨ ᠨᠡᠪᠳᠡᠷᠡᠯᠴᠡᠬᠦᠯᠬᠦ᠂ ᠰᠠᠨᠠᠯ ᠰᠠᠨᠠᠭᠤᠯᠭ᠎ᠠ | ᠭᠠᠷᠭᠠᠨ ᠵᠠᠰᠠᠬ ᠲᠤ ᠵᠦᠪᠯᠡᠯᠭᠡ ᠦᠭᠬᠦ ᠪᠠ ᠬᠠᠮᠳᠦ ᠶᠢᠨ ᠲᠠᠨᠢᠯᠳᠠ ᠶᠢ ᠨᠢᠬᠳᠠᠷᠠᠭᠤᠯᠬᠤ ᠬᠤᠤᠰ ᠴᠢᠭᠯᠡᠯ ᠢᠶᠠᠷ | ᠬᠦᠴᠦᠯᠡᠨ᠂ ᠲᠤᠰᠬᠠᠢ ᠵᠦᠪᠯᠡᠯᠭᠡ ᠬᠢᠬᠦ ᠪᠠᠶᠢᠭᠤᠯᠤᠮᠵᠢ ᠶᠢᠨ ᠪᠠᠶᠢᠭᠤᠯᠤᠯ ᠢ ᠳᠡᠬᠦᠯᠳᠡᠷᠵᠢᠬᠦᠯᠵᠦ᠂ ᠨᠠᠮ ᠪᠤᠯᠤᠨ | ᠤᠯᠤᠰ ᠤᠨ ᠭᠤᠤᠯ ᠡᠬᠦᠷᠭᠡ ᠶᠢ ᠴᠢᠩᠭ᠎ᠠ ᠡᠵᠡᠮᠳᠡᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠨᠠᠮ ᠪᠤᠯᠤᠨ | ᠤᠯᠤᠰ ᠤᠨ ᠠᠵᠢᠯ ᠦᠢᠯᠡᠰ ᠤᠨ ᠬᠦᠭᠵᠢᠯᠳᠠ ᠳᠤ ᠴᠢᠬᠤᠯᠠ ᠬᠤᠪᠢ ᠨᠡᠮᠡᠷᠢ ᠦᠵᠡᠬᠦᠯᠵᠡᠢ᠃ ᠰᠢᠨ᠎ᠠ ᠨᠢᠭᠡ ᠵᠢᠯ ᠳᠤ | ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠢᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ | ᠪᠡᠶᠡᠯᠡᠬᠦᠯᠬᠦ ᠳᠤ ᠦᠢᠯᠡᠴᠢᠯᠡᠬᠦ ᠪᠠᠷ ᠠᠵᠢᠯ ᠤᠨ ᠭᠤᠤᠯ ᠰᠢᠵᠢᠮ ᠪᠤᠯᠭᠠᠵᠦ᠂ ᠦᠵᠡᠯ ᠰᠠᠨᠠᠭ᠎ᠠ ᠤᠯᠤᠰ ᠲᠦᠷᠦ ᠶᠢᠨ | ᠳᠠᠭᠠᠭᠤᠯᠭ᠎ᠠ ᠶᠢ ᠴᠢᠩᠭᠠᠳᠬᠠᠬᠤ᠂ ᠬᠠᠮᠳᠦ ᠶᠢᠨ ᠲᠠᠨᠢᠯᠳᠠ ᠶᠢ ᠦᠷᠭᠡᠨ ᠢᠶᠠᠷ ᠨᠢᠬᠳᠠᠷᠠᠭᠤᠯᠬᠤ ᠪᠠᠷ ᠭᠤᠤᠯ | ᠭᠤᠭᠴᠤᠭ᠎ᠠ ᠪᠤᠯᠭᠠᠨ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠤᠨ ᠲᠠᠪᠠᠭᠤᠯᠢᠭ ᠢ | ᠤᠯᠤᠰ ᠤᠨ ᠵᠠᠰᠠᠯᠳᠠ ᠶᠢᠨ ᠦᠢᠯᠡᠳᠦᠯ ᠴᠢᠲᠠᠮᠵᠢ ᠪᠤᠯᠭᠠᠨ ᠬᠤᠪᠢᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠬᠠᠷᠠᠯᠳᠠ ᠡᠬᠦᠷᠭᠡ ᠶᠢ ᠪᠡᠶᠡᠯᠡᠬᠦᠯᠬᠦ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠡᠪ | ᠬᠠᠮᠳᠦ ᠨᠠᠮ ᠤᠨ ᠲᠡᠦᠭᠡᠳᠦ ᠡᠬᠦᠷᠭᠡ ᠶᠢ ᠪᠡᠶᠡᠯᠡᠬᠦᠯᠬᠦ ᠶᠢᠨ ᠲᠦᠯᠦᠭᠡ ᠰᠡᠳᠬᠢᠯ ᠢ ᠨᠢᠬᠳᠠᠷᠠᠭᠤᠯᠤᠨ ᠬᠦᠴᠦ ᠶᠢ | ᠬᠠᠮᠳᠤᠳᠬᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃ | ᠴᠠᠶᠢᠯᠠᠯᠭ᠎ᠠ ᠶᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ | ᠲᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠷᠢᠬᠦᠯᠡᠭᠴᠢ | ᠸᠠᠩ ᠶᠠᠩ ᠡᠷᠬᠢᠯᠠᠵᠠᠢ᠃ ᠲᠡᠷᠡ᠂ ᠪᠢᠳᠠ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ | ᠲᠦᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠪᠤᠯᠤᠨ ᠲᠦᠪ ᠤᠨ ᠤᠯᠤᠰ ᠲᠦᠷᠤ ᠶᠢᠨ ᠵᠦᠪᠯᠡᠯᠬᠡᠨ ᠤ | ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ | ᠠᠭᠤᠤ ᠶᠡᠭᠡ ᠲᠤᠬ ᠢ ᠦᠨᠳᠤᠷ ᠮᠠᠨᠳᠤᠭᠤᠯᠵᠤ᠂ ᠰᠡᠳᠬᠢᠯ ᠢ ᠨᠢᠬᠡᠳᠬᠡᠵᠤ ᠬᠦᠴᠤᠨ ᠢ ᠬᠠᠮᠳᠤᠳᠬᠠᠵᠤ᠂ ᠪᠦᠯᠬᠦᠮᠳᠡᠨ | ᠲᠡᠮᠡᠴᠡᠵᠤ᠂ ᠨᠢᠬᠡᠳᠤᠮᠠᠯ ᠹᠷᠤᠨᠲ ᠪᠤᠯᠤᠨ ᠠᠷᠠᠳ ᠤᠨ ᠤᠯᠤᠰ ᠲᠦᠷᠤ ᠶᠢᠨ ᠵᠦᠪᠯᠡᠯᠬᠡᠨ ᠤ ᠡᠯ᠎ᠠ ᠵᠦᠢᠯ ᠤᠨ | ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠠᠷᠠᠳ ᠤᠨ ᠤᠯᠤᠰ ᠲᠦᠷᠤ ᠶᠢᠨ ᠵᠦᠪᠯᠡᠯᠬᠡᠨ ᠤ ᠪᠠᠶᠢᠭᠤᠯᠤᠯ ᠤᠨ | ᠲᠠᠪᠠᠭᠤᠯᠢᠬ ᠢ ᠤᠯᠤᠰ ᠤᠨ ᠵᠠᠰᠠᠯᠳᠠ ᠶᠢᠨ ᠦᠢᠯᠡᠳᠦᠯ ᠴᠢᠲᠠᠮᠵᠢ ᠪᠤᠯᠭᠠᠨ ᠬᠤᠪᠢᠷᠠᠭᠤᠯᠵᠤ᠂ ᠴᠢᠨᠡᠭᠡᠯᠢᠭ ᠨᠡᠶᠢᠬᠡᠮ ᠢ | ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠨᠡᠶᠢᠬᠡᠮ ᠵᠢᠷᠤᠮ ᠤᠨ ᠤᠳᠤᠬᠢᠴᠢᠯᠠᠬᠰᠠᠨ | ᠬᠦᠴᠦᠷᠭᠡᠭ ᠤᠯᠤᠰ ᠢ ᠪᠦᠳᠤᠬᠡᠨ ᠪᠠᠶᠢᠭᠤᠯᠬᠤ ᠶᠢᠨ ᠲᠦᠯᠤᠬᠡ ᠴᠦᠬᠦᠷᠡᠰᠢ ᠦᠬᠡᠢ ᠲᠡᠮᠡᠴᠡᠬᠦ ᠭᠡᠷᠡᠭᠳᠠᠢ ᠬᠡᠵᠤ | ᠵᠢᠭᠠᠵᠤ ᠭᠠᠷᠭᠠᠪᠠ᠃ | ︽9 · 3︾ ᠤ ᠡᠷᠳᠡᠮ ᠰᠢᠨᠵᠢᠯᠡᠬᠡᠨ ᠤ ᠨᠡᠶᠢᠭᠡᠮᠯᠢᠭ ᠤᠨ ᠲᠦᠪ ᠬᠤᠷᠢᠶᠠᠨ ᠤ ᠲᠡᠷᠢᠬᠦᠯᠡᠭᠴᠢ ᠦ᠋ ᠸᠧᠢ | ᠬᠤᠸᠠ ᠡᠯ᠎ᠠ ᠠᠷᠠᠳᠴᠢᠯᠠᠬᠰᠠᠨ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠤᠢᠢᠯᠡᠳᠪᠤᠷᠢ | ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠤᠰ ᠢ ᠲᠦᠯᠤᠬᠡᠯᠠᠨ ᠶᠠᠷᠢᠶ᠎ᠠ ᠲᠠᠯᠪᠢᠵᠤ᠂ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠨᠢᠬᠡ ᠰᠡᠳᠬᠢᠯ ᠨᠢᠬᠡ ᠵᠤᠷᠢᠬ ᠢᠶᠠᠷ ᠬᠦᠴᠤᠯᠠᠨ ᠲᠡᠮᠡᠴᠡᠵᠤ᠂ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ᠂ | ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ᠂ | ︽ᠬᠤᠤᠯ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠤᠰᠤᠳᠠᠨ ᠤ ᠠᠭᠤᠤ | ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠤᠬᠡ ᠴᠢᠷᠮᠠᠶᠢᠨ ᠲᠡᠮᠡᠴᠡᠨ᠎ᠠ | ᠬᠡᠵᠤ ᠢᠯᠡᠳᠬᠡᠪᠡ᠃ | ᠴᠠᠶᠢᠯᠠᠯᠭ᠎ᠠ ᠲᠡᠭᠡᠷ᠎ᠠ᠂ ᠰᠢ ᠶᠢᠨ ᠫᠢᠩ ᠨᠠᠷ ᠡᠯ᠎ᠠ ᠡᠳᠡᠬᠡᠳ ᠤᠨ ᠬᠦᠮᠤᠰ ᠤᠨ ᠲᠤᠮᠳᠠ ᠢᠷᠡᠵᠤ᠂ ᠤᠯᠠᠨ ᠲᠠᠢ | ᠳᠤᠳᠤᠨᠤ ᠪᠠᠷ ᠭᠠᠷ ᠠᠳᠬᠤᠵᠤ᠂ ᠬᠠᠷᠢᠯᠴᠠᠨ ᠮᠡᠨᠳᠤᠴᠢᠯᠠᠪᠠ᠃ ᠪᠦᠬᠦ ᠤᠯᠤᠰ ᠤᠨ ᠤᠯᠤᠰ ᠲᠦᠷᠤ ᠶᠢᠨ | ᠵᠦᠪᠯᠡᠯᠬᠡᠨ ᠤ ᠭᠡᠰᠡᠭ ᠬᠡᠰᠢᠬᠦᠨ ᠪᠤᠯᠤᠨ ᠤᠳᠬ᠎ᠠ ᠤᠷᠠᠯᠢᠬ ᠤᠨ ᠠᠵᠢᠯᠳᠠᠨ ᠭᠤᠶᠢᠳᠠ ᠰᠠᠶᠢᠬᠠᠨ ᠲᠤᠭᠯᠠᠯᠳᠠ | ᠭᠠᠷᠭᠠᠪᠠ᠃ ᠬᠠᠮᠤᠭ ᠤᠨ ᠰᠡᠬᠦᠯ ᠳᠤ᠂ ᠤᠯᠠᠨ ᠢᠶᠠᠷ ᠢᠶᠠᠨ ᠪᠤᠰᠴᠤ ᠵᠤᠬᠰᠤᠨ ︽ᠪᠦᠯᠬᠦᠮᠳᠡᠯ ᠪᠤᠯ ᠳᠠᠷᠤᠢ ᠬᠦᠴᠤᠨ | ᠮᠦᠨ︾ ᠬᠡᠬᠦ ᠲᠠᠭᠤᠤ ᠶᠢ ᠲᠠᠭᠤᠯᠠᠵᠤ᠂ ᠬᠤᠷᠠᠯ ᠤᠨ ᠲᠡᠯᠡᠪᠡᠢ ᠳᠤ ᠬᠦᠷ ᠨᠠᠷᠬᠢᠶᠠᠨ ᠪᠤᠯᠤᠨ ᠪᠠᠶᠠᠷ ᠤᠨ ᠡᠳᠤᠷ ᠤᠨ | ᠪᠠᠶᠠᠷ ᠪᠠᠶᠠᠰᠬᠤᠯᠠᠩ ᠢᠶᠠᠷ ᠪᠢᠯᠬᠠᠵᠠᠢ᠃ | ᠪᠡᠬᠡᠵᠢᠩ ᠳᠤ ᠪᠠᠶᠢᠭ᠎ᠠ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠯᠤᠰ | ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠤ ᠶᠢᠨ ᠶᠠᠪᠤᠳᠠᠯ ᠤᠨ | ᠬᠤᠷᠢᠶᠠᠨ ᠤ ᠬᠡᠰᠡᠭ ᠤᠳᠤᠷᠢᠳᠬᠤ ᠨᠦᠬᠦᠳ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ | ᠤᠳᠤᠷᠢᠳᠬᠤ ᠨᠦᠬᠦᠳ ᠪᠤᠯᠤᠨ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ | ᠲᠤᠰᠢᠶᠠᠯ ᠢ ᠬᠠᠷᠢᠭᠤᠴᠠᠵᠤ ᠦᠡᠭᠭᠡᠷᠡᠭᠰᠡᠡ ᠪᠡᠬᠡᠵᠢᠩ ᠳᠤ ᠪᠠᠶᠢᠭ᠎ᠠ ᠠᠬᠠᠮᠠᠳ ᠨᠦᠬᠦᠳ ᠴᠠᠶᠢᠯᠠᠯᠭ᠎ᠠ ᠳᠤ ᠤᠷᠤᠯᠴᠠᠵᠠᠢ | ᠃ |