12 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠭᠤᠷᠪᠠᠳᠣᠭᠠᠷ ᠳᠣᠭᠤᠷᠢᠨ | ᠪᠠᠶᠢᠴᠠᠭᠠᠬᠤ ᠳᠣᠭᠤᠶᠢᠯᠠᠩ ᠠᠴᠠ ᠠᠮᠣ ᠪᠣᠳᠠᠭᠠᠨ ᠤ ᠬᠦᠢᠯᠭᠡᠭᠡᠨ ᠤ ᠦᠢᠯᠡᠴᠢᠯᠡᠬᠡᠨ ᠤ ᠳᠦᠪ ᠢ ᠳᠣᠭᠤᠷᠢᠨ | ᠪᠠᠶᠢᠴᠠᠭᠠᠭᠰᠠᠨ ᠪᠠᠶᠢᠳᠠᠯ ᠢ ᠲᠤᠰᠬᠠᠬᠤ ᠬᠤᠷᠠᠯ ᠢ ᠬᠤᠷᠠᠯᠳᠣᠭᠤᠯᠪᠠ᠃ ᠬᠤᠰᠢᠭᠤ ᠨᠠᠮ ᠤᠨ ᠬᠤᠷᠢᠶᠠᠨ ᠤ | ᠭᠤᠷᠪᠠᠳᠣᠭᠠᠷ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠬᠠᠷᠢᠭᠤᠴᠠᠯᠭᠠᠳᠠᠨ᠂ ᠬᠡᠰᠢᠬᠦᠳ᠂ ᠬᠤᠰᠢᠭᠤ ᠠᠮᠣ | ᠪᠣᠳᠠᠭᠠᠨ ᠤ ᠬᠦᠢᠯᠭᠡᠭᠡᠨ ᠤ ᠦᠢᠯᠡᠴᠢᠯᠡᠬᠡᠨ ᠤ ᠳᠦᠪ ᠤᠨ ᠣᠳᠣᠷᠢᠳᠬᠤ ᠪᠠᠭ᠂ ᠺᠠᠳ᠋ᠷ ᠠᠵᠢᠯᠳᠠᠳ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠭᠤᠷᠪᠠᠳᠣᠭᠠᠷ ᠳᠣᠭᠤᠷᠢᠨ ᠪᠠᠶᠢᠴᠠᠭᠠᠬᠤ ᠳᠣᠭᠤᠶᠢᠯᠠᠩ | ᠤᠨ ᠬᠠᠷᠢᠭᠤᠴᠠᠯᠭᠠᠳᠠᠨ ᠠᠴᠠ ᠠᠮᠣ ᠪᠣᠳᠠᠭᠠᠨ ᠤ ᠬᠦᠢᠯᠭᠡᠭᠡᠨ ᠤ ᠦᠢᠯᠡᠴᠢᠯᠡᠬᠡᠨ ᠤ ᠳᠦᠪ ᠢ ᠳᠣᠭᠤᠷᠢᠨ | ᠪᠠᠶᠢᠴᠠᠭᠠᠭᠰᠠᠨ ᠪᠠᠶᠢᠳᠠᠯ ᠤᠨ ᠳᠣᠬᠠᠢ ᠨᠡᠶᠢᠳᠡᠯᠡᠪᠡ᠃ | ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠴᠢᠬᠤᠯᠠᠴᠢᠯᠠᠬᠤ ᠳᠠᠭᠠᠨ᠂ ᠣᠯᠣᠰ ᠳᠦᠷᠦ ᠶᠢᠨ ᠵᠣᠭᠰᠣᠴᠠ | ᠪᠠᠨ ᠳᠡᠭᠡᠭᠰᠢᠯᠡᠬᠦᠯᠵᠦ ᠳᠡᠭᠡᠲᠦ ᠬᠡᠮᠵᠢᠶᠡᠨ ᠤ ᠦᠵᠡᠯ ᠰᠠᠨᠠᠭᠠᠨ ᠤ ᠣᠬᠠᠮᠰᠠᠷ ᠪᠠ ᠠᠵᠢᠯᠯᠠᠭᠠᠨ ᠤ ᠣᠬᠠᠮᠰᠠᠷ ᠢᠶᠠᠷ | ᠳᠣᠭᠤᠷᠢᠨ ᠪᠠᠶᠢᠴᠠᠭᠠᠬᠤ ᠠᠵᠢᠯ ᠢ ᠲᠤᠭᠤᠰᠢᠯᠠᠭᠤᠯᠵᠤ ᠨᠠᠮ ᠤᠨ ᠣᠳᠣᠷᠢᠳᠣᠯᠭ᠎ᠠ ᠶᠢ ᠳᠣᠪᠣᠶᠢᠯᠭᠠᠵᠦ ᠨᠠᠮ ᠤᠨ | ᠪᠠᠶᠢᠭᠤᠯᠣᠯᠳᠠ ᠶᠢ ᠴᠢᠩᠭ᠎ᠠ ᠠᠳᠬᠤᠵᠦ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ᠃ ᠨᠠᠮ ᠤᠨ ᠳᠡᠷᠢᠬᠦᠨ | ᠤ ᠴᠢᠨᠠᠷ ᠪᠠ ᠴᠡᠪᠡᠷ ᠴᠢᠨᠠᠷ ᠢ ᠢᠮᠠᠭᠳᠠ ᠬᠠᠳᠠᠭᠠᠯᠠᠵᠦ ᠨᠠᠮ ᠳᠠᠭᠠᠨ ᠦᠨᠡᠨᠴᠢ᠂ ᠠᠷᠠᠳ ᠲᠠᠭᠠᠨ ᠬᠠᠷᠢᠭᠤᠴᠠᠯᠭ᠎ᠠ | ᠲᠠᠢ ᠪᠠᠶᠢᠬᠤ ᠬᠡᠷᠡᠭᠲᠡᠢ᠃ ᠣᠯᠣᠰ ᠳᠦᠷᠦ ᠶᠢᠨ ᠡᠬᠦᠷᠭᠡ ᠬᠠᠷᠢᠭᠤᠴᠠᠯᠬᠠ ᠪᠠᠨ ᠴᠢᠩᠭᠠᠳᠬᠠᠵᠦ ᠪᠠᠳᠣᠳᠠᠢ | ᠪᠦᠲᠦᠮᠵᠢᠲᠡᠢ ᠠᠷᠭ᠎ᠠ ᠪᠠᠷᠢᠯ ᠢᠶᠠᠷ ᠳᠣᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠶᠢ ᠠᠬᠢᠭᠤᠯᠵᠦ ᠪᠠᠷᠢᠨ | ᠬᠡᠷᠡᠭᠵᠢᠬᠦᠯᠵᠦ ᠪᠦᠬᠦ ᠳᠠᠯ᠎ᠠ ᠪᠠᠷ ᠴᠡᠭᠴᠡᠯᠡᠨ ᠵᠠᠰᠠᠬᠤ ᠶᠢ ᠦᠨᠡᠨᠬᠦ ᠪᠡᠶᠡᠯᠡᠬᠦᠯᠬᠦ ᠬᠡᠷᠡᠭᠲᠡᠢ ᠬᠡᠪᠡ᠃ | ᠬᠤᠰᠢᠭᠤ ᠠᠮᠣ ᠪᠣᠳᠠᠭᠠᠨ ᠤ ᠬᠦᠢᠯᠭᠡᠭᠡᠨ ᠤ ᠦᠢᠯᠡᠴᠢᠯᠡᠬᠡᠨ ᠤ ᠳᠦᠪ ᠤᠨ ᠬᠠᠷᠢᠭᠤᠴᠠᠯᠭᠠᠳᠠᠨ ᠠᠴᠠ ᠣᠪᠣᠷ | ᠢᠶᠠᠨ ᠢᠯᠡᠳᠬᠡᠵᠦ ᠶᠠᠷᠢᠬᠤ ᠳᠠᠭᠠᠨ᠂ ᠳᠣᠭᠤᠷᠢᠨ ᠪᠠᠶᠢᠴᠠᠭᠠᠯᠳᠠ ᠳᠤ ᠳᠣᠰᠬᠠᠭᠰᠠᠨ ᠰᠠᠨᠠᠯ ᠰᠠᠨᠠᠭᠤᠯᠭ᠎ᠠ ᠶᠢ ᠳᠠᠷᠣᠣ | ᠬᠢᠴᠢᠶᠡᠩᠬᠦᠢ ᠪᠠᠷ ᠬᠦᠯᠢᠶᠡᠨ ᠠᠪᠴᠣ ᠴᠡᠭᠴᠡᠯᠡᠨ ᠰᠠᠶᠢᠵᠢᠷᠠᠭᠤᠯᠵᠤ ᠲᠤᠭᠤᠰᠢᠯᠠᠭᠤᠯᠬᠤ ᠶᠢ ᠡᠷᠡᠰ ᠪᠠᠷᠢᠮᠳᠠᠯᠠᠨ᠎ᠠ | ᠬᠡᠪᠡ᠃ | |