ᠤᠢᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ︽︿ᠵᠠᠭᠤᠨ ᠨᠡᠷᠡᠰ ᠴᠢᠳᠠᠪᠦᠷᠢᠳᠠᠨ﹀ ᠢ ᠭᠦᠳᠡᠭᠡ | ᠳᠣᠰᠬᠤᠨ ᠳᠤ ᠦᠢᠯᠡᠴᠢᠯᠡᠭᠦᠯᠭᠦ ᠠᠵᠢᠯᠯᠠᠭᠠᠨ ᠤ ᠭᠡᠷᠡᠭᠵᠢᠭᠦᠯᠦᠯᠳᠡ ᠶᠢᠨ ᠳᠦᠰᠦᠯ︾ ᠢ ᠳᠣᠭᠳᠠᠭᠠᠨ ᠭᠡᠷᠡᠭᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠭᠡᠷᠡᠭᠯᠡᠭᠡᠨ ᠤ ᠴᠢᠳᠠᠪᠦᠷᠢᠳᠠᠨ ᠢ ᠭᠦᠮᠦᠵᠢᠭᠦᠯᠭᠦ ᠶᠢ ᠴᠢᠩᠭ᠎ᠠ ᠠᠳᠬᠤᠵᠣ ᠪᠠᠶᠢᠨ᠎ᠠ᠃ | | ᠮᠠᠨ ᠤ ᠬᠤᠰᠢᠭᠤ ᠮᠠᠯ ᠲᠠᠷᠢᠶᠠᠯᠠᠩ ᠠᠵᠣ ᠠᠬᠤᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠳᠣᠰᠬᠠᠢ | ᠮᠡᠷᠭᠡᠵᠢᠯᠳᠡᠨ ᠤ ᠠᠵᠢᠯ ᠤᠨ ᠦᠷᠳᠡᠭᠡ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ | ᠪᠣᠯᠪᠠᠰᠣᠷᠠᠯ ᠤᠨ ᠰᠣᠷᠭᠠᠭᠤᠯᠢ ᠵᠡᠷᠭᠡ ᠲᠠᠪᠴᠠᠩ ᠢ ᠠᠰᠢᠭᠯᠠᠨ᠂ ᠦᠪᠦᠷ ᠮᠣᠩᠭᠤᠯ ᠤᠨ ᠲᠠᠷᠢᠶᠠᠯᠠᠩ ᠤᠨ ᠶᠡᠭᠡ | ᠰᠣᠷᠭᠠᠭᠤᠯᠢ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠶᠢᠨ | ᠬᠠᠮᠢᠶ᠎ᠠ ᠪᠦᠭᠦᠢ ᠮᠡᠷᠭᠡᠵᠢᠯᠳᠡᠨ ᠪᠣᠯᠣᠨ ᠳᠣᠬᠠᠢ ᠶᠢᠨ ᠭᠠᠵᠠᠷ ᠤᠨ ᠮᠠᠯ ᠲᠠᠷᠢᠶᠠᠯᠠᠩ ᠤᠨ ᠴᠢᠳᠠᠪᠦᠷᠢᠳᠠᠨ ᠢ ᠣᠷᠢᠨ᠂ | ᠮᠠᠯ ᠲᠠᠷᠢᠶᠠᠯᠠᠩ ᠤᠨ ᠮᠠᠰᠢᠨ ᠢ ᠭᠡᠷᠡᠭᠯᠡᠬᠦ᠂ ᠬᠢᠮᠢ ᠶᠢᠨ ᠪᠣᠷᠳᠣᠭᠤᠷ ᠢ ᠵᠣᠬᠢᠰᠳᠡᠢ ᠠᠰᠢᠭᠯᠠᠬᠤ᠂ ᠰᠢᠨᠵᠢᠯᠡᠭᠦ | ᠣᠬᠠᠭᠠᠨᠴᠢ ᠪᠠᠷ ᠲᠠᠷᠢᠵᠣ ᠲᠡᠵᠢᠭᠡᠬᠦ ᠠᠷᠭ᠎ᠠ ᠵᠡᠷᠭᠡ ᠠᠭᠤᠯᠭ᠎ᠠ ᠶᠢᠨ ᠳᠣᠭᠤᠷᠢᠨ ᠳᠤ ᠵᠢᠯ ᠳᠤ 2800 ᠢᠯᠡᠭᠦᠦ | ᠮᠠᠯᠴᠢᠨ ᠲᠠᠷᠢᠶᠠᠴᠢᠨ ᠳᠤ ᠪᠣᠯᠪᠠᠰᠣᠷᠠᠯ ᠭᠦᠷᠳᠡᠭᠡᠵᠦ᠂ 300 ᠭᠠᠷᠤᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ | ᠮᠠᠯᠴᠢᠨ ᠲᠠᠷᠢᠶᠠᠴᠢᠨ ᠢ ᠭᠦᠮᠦᠵᠢᠭᠦᠯᠵᠦ ᠪᠠᠶᠢᠨ᠎ᠠ᠃ | ᠣᠳᠣᠬᠠᠨ ᠳᠤ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠦᠷᠢᠳᠠᠨ ᠤ | ᠳᠤᠭ᠎ᠠ 4049 ᠬᠦᠮᠦᠨ ᠪᠤᠯᠵᠤ᠂ ᠡᠭᠦᠨ ᠳᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ | 1500 ᠬᠦ᠋ᠮᠦᠨ ᠪᠤᠯᠵᠠᠢ᠃ |