ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ︽ᠡᠪᠤᠯ ᠤᠨ ᠤᠯᠠᠷᠢᠯ  ᠤᠨ ᠲᠦᠮᠡᠨ ᠬᠦᠮᠦᠨ ᠤ ᠬᠡᠭᠡᠷᠡᠯᠡᠨ ᠬᠦᠶᠦᠬᠦ ᠶᠠᠪᠠᠭᠠᠨ ᠠᠯᠬᠤᠬᠤ︾ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2020-01-03
     12 ᠰᠠᠷ᠎ᠠ ᠶᠢᠨ 31 ᠤ ᠡᠳᠦᠷ ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ︽ᠡᠪᠤᠯ ᠤᠨ ᠤᠯᠠᠷᠢᠯ ᠤᠨ ᠲᠦᠮᠡᠨ ᠬᠦᠮᠦᠨ ᠤ ᠬᠡᠭᠡᠷᠡᠯᠡᠨ ᠬᠦᠶᠦᠬᠦ ᠶᠠᠪᠠᠭᠠᠨ ᠠᠯᠬᠤᠬᠤ︾ ᠠᠵᠢᠯᠯᠠᠭ᠎ᠠ ᠦᠷᠨᠢᠬᠦᠯᠵᠦ 1500  ᠭᠠᠷᠤᠢ ᠬᠥᠮᠦᠨ ᠤᠷᠤᠯᠳᠤᠭᠠᠨ ᠳᠤ ᠤᠷᠤᠯᠴᠠᠨ ᠣᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ 2020 ᠣᠨ ᠢᠶᠠᠨ ᠤᠭᠲᠤᠪᠠ᠃
     ᠲᠤᠰ ᠤᠳᠠᠭᠠᠨ ᠤ ᠠᠵᠢᠯᠯᠠᠭ᠎ᠠ ᠳᠤ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ᠂ ᠰᠤᠮᠤ ᠪᠠᠯᠭᠠᠰᠤ  ᠶᠢᠨ 1500 ᠭᠠᠷᠤᠢ ᠺᠠᠳ᠋ᠷ ᠠᠵᠢᠯᠲᠠᠨ ᠤᠷᠤᠯᠴᠠᠵᠤ 10 ᠺᠢᠯᠣᠮᠧᠲᠷ ᠤᠨ ᠬᠤᠯᠠ ᠭᠦᠶᠦᠬᠦ ᠪᠠ 10 ᠺᠢᠯᠣᠮᠧᠲᠷ  ᠤᠨ ᠶᠠᠪᠠᠭᠠᠨ ᠠᠯᠬᠤᠬᠤ ᠬᠤᠶᠠᠷ ᠲᠦᠷᠦᠯ ᠬᠤᠪᠢᠶᠠᠨ ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ ᠳᠤᠭᠤᠶᠢᠯᠠᠩ ᠪᠤᠯᠭᠠᠨ ᠬᠤᠪᠢᠶᠠᠵᠤ ᠤᠷᠤᠯᠳᠤᠭᠤᠯᠤᠭᠰᠠᠨ ᠪᠠᠶᠢᠨ᠎ᠠ᠃  ᠠᠵᠢᠯᠯᠠᠭᠠᠨ ᠤ ᠲᠠᠷᠠᠭ᠎ᠠ ᠭᠡᠭᠡᠷᠡᠯᠡᠨ ᠬᠦᠶᠦᠬᠦ ᠤᠷᠤᠯᠳᠤᠭᠠᠨ ᠤ ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ ᠳᠤᠭᠤᠶᠢᠯᠠᠩ ᠤᠨ ᠲᠦᠷᠦᠬᠦᠦ 16 ᠨᠡᠷ᠎ᠡ ᠶᠢ ᠱᠠᠩᠨᠠᠨ ᠬᠦᠬᠢᠬᠦᠯᠦᠯ᠎ᠡ᠃
     ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠨ ᠮᠠᠨ ᠤ ᠬᠤᠰᠢᠭᠤᠨ ᠤ ᠣᠯᠠᠨ ᠳᠦᠮᠡᠨ ᠤ ᠴᠤᠭ ᠰᠦᠯᠳᠡ ᠶᠢ ᠪᠠᠳᠠᠷᠠᠭᠤᠯᠣᠨ ᠡᠯ᠎ᠡ ᠳᠦᠷᠣᠯ ᠤᠨ ᠠᠵᠢᠯ ᠣᠶᠢᠯᠡᠰ ᠲᠤ ᠪᠠᠨ ᠴᠦᠬᠦᠷᠠᠰᠢ ᠦᠬᠡᠢ ᠪᠠᠷ ᠴᠢᠷᠮᠡᠶᠢᠨ ᠠᠵᠢᠯᠯᠠᠬᠤ ᠵᠣᠷᠢᠭ ᠰᠠᠨᠠᠭ᠎ᠠ ᠢ ᠬᠠᠷᠠᠭᠤᠯᠵᠣ ᠰᠢᠨ᠎ᠡ ᠴᠠᠭ ᠦᠶ᠎ᠡ ᠶᠢᠨ ᠦᠣᠰᠢᠨ ᠤ ᠨᠣᠮᠢᠨ ᠳᠠᠩᠰᠤᠭ ᠭᠥᠭᠵᠢᠨ ᠮᠠᠨᠳᠤᠯᠳᠠ᠂  ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠦᠳᠡᠯᠬᠡᠭᠴᠢ ᠬᠦᠴᠣᠨ ᠪᠤᠯᠤᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号