ᠰᠤᠷᠤᠭᠴᠢᠳ ᠰᠢᠨ᠎ᠡ ᠣᠨ ᠤ ᠪᠤᠱᠤᠭᠠᠨ ᠲᠡᠭᠡᠷ᠎ᠡ ᠣᠨᠴᠠ ᠶᠢᠨ ᠪᠡᠯᠡᠭ ᠲᠤᠰᠤᠯ᠎ᠠ
ᠨᠡᠶᠢᠲᠡᠯᠡᠭᠰᠡᠨ ᠴᠠᠭ᠄
2020-01-03
     ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠤᠭᠳᠤᠬᠤ ᠲᠠᠰᠢᠷᠠᠮ ᠢᠶᠠᠷ ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ ᠰᠤᠷᠭᠠᠭᠠᠤᠯᠢ ᠶᠢᠨ ᠠᠩᠬ᠎ᠠ ᠲᠤᠮᠳᠠᠳᠤ ᠶᠢᠨ ᠬᠢᠨ ᠰᠢᠯᠢᠳᠡᠭ ᠰᠤᠷᠤᠭᠴᠢ᠂ ᠲᠠᠪᠰᠢᠯᠳᠡ ᠲᠠᠢ ᠰᠤᠷᠤᠭᠴᠢᠳ ᠢ ᠱᠠᠩᠨᠠᠨ ᠬᠦᠬᠢᠬᠦᠯᠬᠦ ᠶᠤᠰᠤᠯᠠᠯ ᠶᠠᠪᠤᠭᠳᠠᠭᠤᠯᠪᠠ᠃ ᠶᠤᠰᠤᠯᠠᠯ ᠲᠡᠭᠡᠷ᠎ᠡ ᠠᠩᠬ᠎ᠠ ᠨᠢᠭᠡ ᠠᠴᠠ ᠠᠩᠬ᠎ᠠ ᠭᠤᠷᠪᠠ ᠶᠢᠨ 23 ᠠᠩᠭᠢ ᠶᠢᠨ 115 ᠰᠤᠷᠤᠭᠴᠢ ᠱᠠᠩᠨᠠᠯ ᠬᠦᠷᠲᠡᠨ ᠰᠢᠨ᠎ᠡ ᠣᠨ ᠳᠤ ᠪᠠᠨ ᠱᠠᠩᠨᠠᠯ ᠤᠨ ᠪᠡᠯᠡᠭ ᠲᠤᠰᠤᠭᠰᠠᠨ ᠪᠠᠶᠢᠨ᠎ᠠ᠃      ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ ᠰᠤᠷᠭᠠᠭᠠᠤᠯᠢ ᠶᠢᠨ ᠬᠢᠨ ᠦᠩᠭᠡᠷᠡᠭᠰᠡᠨ ᠳᠤ ᠰᠢᠯᠢᠳᠡᠭ ᠰᠤᠷᠤᠯᠭᠠᠳᠠᠨ᠂ ᠲᠠᠪᠰᠢᠭᠰᠠᠨ ᠰᠤᠷᠤᠭᠴᠢᠳ ᠲᠤ ᠰᠤᠷᠭᠠᠭᠤᠯᠢ ᠶᠢᠨ ᠪᠠᠭᠰᠢ ᠨᠠᠷ ᠠᠴᠠ ᠱᠠᠩᠨᠠᠯ ᠭᠠᠷᠳᠠᠭᠤᠯᠵᠤ ᠪᠠᠶᠢᠭᠰᠠᠨ ᠪᠣᠯ᠂ ᠡᠨᠡ ᠤᠳᠠᠭ᠎ᠠ ᠰᠤᠷᠭᠠᠭᠤᠯᠢ ᠠᠴᠠ ᠲᠤᠰᠬᠠᠶᠢᠯᠠᠨ ᠭᠡᠤᠭᠡᠳ ᠤᠨ ᠠᠪᠤ ᠡᠵᠢ ᠢᠶᠠᠷ ᠭᠡᠤᠭᠡᠳ ᠲᠤ ᠱᠠᠩᠨᠠᠯ ᠭᠠᠷᠳᠠᠭᠤᠯᠤᠭᠰᠠᠨ ᠨᠢ ᠣᠨᠴᠠ ᠶᠢᠨ ᠤᠳᠬ᠎ᠠ ᠠᠭᠤᠯᠭ᠎ᠠ ᠲᠠᠢ ᠪᠠᠶᠢᠵᠤ ᠰᠤᠷᠤᠭᠴᠢᠳ ᠠᠪᠤ ᠡᠵᠢ ᠶᠢᠨ  ᠢᠶᠠᠨ ᠤᠮᠤᠭᠰᠢᠯ ᠪᠤᠯᠵᠤ ᠰᠢᠨ᠎ᠡ ᠣᠨ ᠳᠤ ᠤᠯᠠᠮ ᠴᠢᠷᠮᠠᠶᠢᠨ ᠰᠤᠷᠤᠯᠴᠠᠬᠤ ᠢᠲᠡᠭᠡᠯ ᠨᠢ ᠬᠦᠪᠴᠢᠯᠡᠭᠳᠡᠵᠠᠢ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号