ᠬᠦᠭᠡᠨᠡᠭᠤᠷ ᠭᠠᠴᠠᠭ᠎ᠠ ᠳᠣᠬᠢᠳᠡᠢ ᠠᠷᠭ᠎ᠠ ᠵᠣᠬᠢᠰᠳᠠᠢ ᠪᠣᠳᠣᠯᠭ᠎ᠠ ᠪᠠᠷ ᠬᠦᠳᠡᠭᠡ ᠳᠣᠰᠬᠤᠨ ᠢᠶᠠᠨ ᠬᠦᠭᠵᠢᠬᠦᠯᠣᠨ ᠮᠠᠨᠳᠣᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2020-01-03
     ᠭᠠᠯᠠᠭᠤᠳᠤ ᠪᠠᠯᠭᠠᠰᠤᠨ ᠤ ᠬᠦᠬᠡᠨᠡᠭᠤᠷ ᠭᠠᠴᠠᠭ᠎ᠠ ᠨᠢ ᠬᠠᠮᠳᠣ ᠶᠢᠨ ᠠᠵᠣ ᠠᠬᠤᠢ᠂ ᠳᠠᠵᠢᠭᠡᠪᠣᠷᠢ ᠶᠢᠨ ᠳᠦᠷᠣᠯ ᠵᠣᠶᠢᠯ ᠵᠡᠷᠭᠡ ᠳᠣᠬᠢᠳᠡᠢ ᠠᠷᠭ᠎ᠠ ᠵᠣᠬᠢᠰᠳᠠᠢ ᠪᠣᠳᠣᠯᠭ᠎ᠠ ᠶᠢ ᠭᠡᠷᠡᠭᠵᠢᠭᠦᠯᠵᠦ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠵᠤ ᠪᠠᠶᠢᠨ᠎ᠠ᠃      ᠦᠬᠡᠯᠵᠢᠨ ᠰᠠᠷ᠎ᠠ ᠪᠣᠯᠵᠣ ᠮᠠᠯᠴᠢᠳ ᠤᠨ ᠰᠡᠯᠡᠬᠦᠣ ᠴᠠᠭ ᠬᠦᠷᠴᠣ ᠢᠷᠡᠬᠦ ᠪᠠᠷ ᠬᠦᠬᠡᠨᠡᠭᠤᠷ ᠭᠠᠴᠠᠭ᠎ᠠ ᠮᠠᠯᠴᠢᠳ ᠢᠶᠠᠨ ᠵᠣᠬᠢᠶᠠᠨ ᠪᠠᠶᠢᠭᠤᠯᠵᠣ ᠮᠠᠯ ᠳᠠᠷᠢᠶᠠᠯᠠᠩ ᠤᠨ ᠮᠠᠷᠭᠡᠵᠢᠯᠳᠡᠨ ᠢ ᠣᠷᠢᠵᠣ ᠮᠠᠯ ᠳᠠᠷᠢᠶᠠᠯᠠᠩ ᠢ ᠭᠦᠭᠵᠢᠬᠦᠯᠬᠦ ᠪᠣᠯᠣᠨ ᠬᠠᠮᠳᠣ ᠶᠢᠨ ᠦᠮᠴᠢᠯᠠᠯ ᠤᠨ ᠡᠷᠬᠡ ᠶᠢᠨ ᠲᠥᠷᠢᠮ ᠤᠨ ᠦᠭᠡᠷᠡᠴᠢᠯᠡᠯᠳᠡ ᠶᠢᠨ ᠲᠤᠬᠠᠢ ᠨᠠᠷᠢᠨ ᠲᠠᠶᠢᠯᠪᠤᠷᠢᠯᠡᠯᠳᠡ ᠬᠢᠯᠬᠡᠬᠦ ᠶᠢᠨ ᠬᠠᠮᠳᠣ 2020 ᠣᠨ ᠤ ᠠᠵᠢᠯ ᠢᠶᠠᠨ ᠪᠠᠶᠢᠷᠢᠯᠠᠭᠤᠯᠣᠯ᠎ᠠ᠃        2018 ᠣᠨ ᠳᠤ᠂ ᠣᠷᠳᠣᠰ ᠬᠤᠳᠡ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠠᠴᠠᠭ᠎ᠠ ᠲᠤᠰᠬᠤᠨ ᠳᠤ ᠰᠠᠭᠤᠵᠤ ᠠᠵᠢᠯᠯᠠᠬᠤ ᠲᠤᠭᠤᠶᠢᠯᠠᠩ ᠬᠦᠬᠡᠨᠡᠭᠤᠷ ᠭᠠᠴᠠᠭ᠎ᠠ  ᠶᠢ ᠳᠠᠭᠠᠭᠠᠴᠢᠯᠠᠨ ᠳᠡᠳᠭᠦᠭᠰᠡᠨ ᠠᠴᠠ ᠨᠠᠭᠠᠰᠢ ᠬᠠᠮᠳᠣ ᠶᠢᠨ ᠠᠵᠣ ᠠᠬᠤᠢ ᠶᠢ ᠬᠦᠭᠵᠢᠬᠦᠯᠬᠦ᠂ ᠶᠠᠳᠠᠭᠤ ᠶᠢ ᠳᠡᠳᠬᠦᠬᠦ ᠵᠡᠷᠭᠡ ᠨᠢᠬᠡ ᠰᠢᠷᠢᠰ ᠵᠣᠬᠢᠰᠳᠡᠢ ᠠᠷᠭ᠎ᠠ ᠪᠣᠳᠣᠯᠭ᠎ᠠ ᠶᠢ ᠬᠡᠷᠡᠭᠵᠢᠬᠦᠯᠣᠭ᠍ᠰᠠᠨ ᠪᠠᠶᠢᠨ᠎ᠠ᠃ ︽ᠤᠷᠳᠤᠰ ᠨᠠᠷᠢᠨ ᠨᠤᠤᠰᠤᠳᠦ ᠬᠤᠨᠢᠨ ᠤ ᠠᠬᠠᠷ ᠨᠤᠤᠰᠤ ᠶᠢ ᠬᠤᠷᠢᠶᠠᠨ ᠬᠠᠳᠠᠭᠠᠯᠠᠬᠤ ᠬᠦᠮᠦᠷᠬᠡ︾᠂ ︽ᠲᠠᠷᠢᠶᠠᠯᠠᠩ ᠤᠨ ᠦᠢᠯᠡᠴᠢᠯᠡᠬᠡᠨ ᠤ ᠲᠦᠪ︾ ᠵᠡᠷᠭᠡ ᠪᠣᠳᠡᠳᠣ ᠠᠵᠣ ᠠᠬᠤᠢ ᠶᠢᠨ ᠴᠣᠭᠴᠠ ᠶᠢ ᠪᠠᠶᠢᠭᠤᠯᠵᠣ 2019 ᠣᠨ ᠳᠤ ᠤᠷᠢᠳ ᠬᠤᠵᠢᠳ ᠵᠠᠭᠤ ᠭᠠᠷᠤᠢ ᠲᠦᠮᠡᠨ ᠳᠦᠬᠦᠷᠢᠭ ᠤᠨ ᠪᠡᠯᠡ ᠮᠦᠡᠭᠬᠦ ᠵᠠᠷᠣᠴᠠᠭᠤᠯᠵᠣ 45 ᠲᠤᠯᠤᠭᠠᠢ ᠠᠩᠬᠢᠰ ᠥᠭᠡᠷ᠂ 686 ᠲᠤᠯᠣᠭᠠᠢ ᠨᠡᠷᠢᠨ ᠨᠤᠤᠰᠤᠳᠤ ᠬᠤᠨᠢ ᠬᠤᠳᠠᠯᠳᠤᠨ ᠠᠪᠴᠢᠷᠠᠵᠤ ︽ᠨᠡᠶᠢᠳᠡᠨ ᠬᠠᠮᠢᠶᠠᠷᠣᠭᠤᠯᠵᠣ ᠡᠭᠡᠯᠵᠢᠯᠡᠭᠦᠯᠦᠨ ᠮᠠᠯᠵᠢᠭᠤᠯᠬᠤ︾ ᠠᠷᠭ᠎ᠠ ᠪᠠᠷᠢᠯ ᠢᠶᠠᠷ ᠲᠤᠰᠬᠠᠢ ᠡᠷᠤᠭᠡ ᠳᠤ ᠳᠠᠭᠠᠭᠠᠴᠢᠯᠠᠭᠤᠯᠣᠨ ᠮᠠᠯᠵᠢᠭᠤᠯᠣᠭᠰᠠᠨ  ᠤ ᠬᠠᠮᠳᠣ ᠪᠠᠰᠠ ᠵᠠᠭᠤ ᠭᠠᠷᠤᠢ ᠲᠦᠮᠡᠨ ᠲᠦᠭᠦᠷᠢᠭ ᠵᠠᠷᠤᠴᠠᠭᠤᠯᠵᠤ 3 ᠮᠠᠯᠳᠠᠭᠤᠷ ᠮᠠᠰᠢᠨ ᠬᠤᠳᠠᠯᠳᠤᠨ ᠠᠪᠴᠤ ᠠᠵᠤ ᠠᠬᠤᠶᠢᠯᠠᠯᠲᠠᠨ ᠳᠤ ᠲᠦᠷᠢᠶᠡᠰᠤᠯᠠᠨ ᠦᠭᠴᠦ ᠬᠠᠮᠳᠣ ᠶᠢᠨ ᠠᠵᠣ ᠠᠬᠤᠢ ᠶᠢ ᠬᠦᠭᠵᠢᠬᠦᠯᠣᠨ ᠮᠠᠯᠴᠢᠨ ᠲᠦᠮᠡᠨ  ᠤ ᠪᠠᠨ ᠤᠷᠤᠯᠭ᠎ᠠ ᠶᠢ ᠨᠡᠮᠡᠭᠳᠡᠬᠦᠯᠵᠣ ᠮᠠᠯᠵᠢᠬᠤ ᠣᠷᠣᠨ ᠢ ᠬᠦᠭᠵᠢᠬᠦᠯᠣᠨ ᠮᠠᠨᠳᠣᠭᠤᠯᠬᠤ ᠶᠢᠨ ᠦᠯᠢᠬᠡᠷ ᠳᠠᠭᠤᠷᠢᠶᠠᠯ ᠪᠣᠯᠵᠣ 2019 ᠣᠨ ᠳᠤ ᠪᠠᠷᠤᠭ ᠬᠤᠷᠢᠭᠠᠳ ᠲᠦᠮᠡᠨ ᠲᠦᠬᠦᠷᠢᠭ ᠤᠨ ᠬᠠᠮᠳᠦ ᠶᠢᠨ ᠤᠷᠤᠯᠭ᠎ᠠ ᠶᠢ ᠡᠬᠦᠳᠦᠭᠰᠡᠨ ᠪᠠᠶᠢᠨ᠎ᠠ᠃      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号