ᠮᠠᠨ ᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-01-06
     12 ᠰᠠᠷ᠎ᠠ ᠶᠢᠨ 31 ᠤ ᠡᠳᠦᠷ᠂ ᠮᠠᠨ ᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠤ ᠹᠧᠩ᠂ ᠸᠠᠩ ᠶᠦᠩ ᠴᠢᠩ᠂ ᠾᠧ ᠤᠯᠠᠭᠠᠨ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠽᠦᠸᠧ ᠴᠧᠨ ᠭᠤᠸᠠᠩ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠠᠵᠤ ᠥᠢᠯᠠᠳᠪᠤᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠡᠰᠡᠭ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠭᠦᠯᠡᠭᠴᠢ᠂ ᠬᠤᠰᠢᠭᠤ ᠱᠠᠳᠤᠨ ᠤ ᠠᠷᠠᠳ ᠤᠨ ᠲᠥᠯᠥᠭᠡᠯᠡᠭᠴᠢ ᠵᠢᠴᠢ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠬᠤᠷᠠᠯ ᠳᠤ ᠰᠤᠯᠠ ᠤᠷᠤᠯᠴᠠᠭᠰᠠᠨ ᠪᠠᠶᠢᠨ᠎ᠠ᠃      ᠬᠤᠷᠠᠯ ᠠᠴᠠ ᠡᠮᠦᠨ᠎ᠡ ᠪᠤᠶᠠᠨᠮᠠᠨᠳᠤᠬᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠥᠭᠰᠠᠨ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠭᠡᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠤ ᠬᠠᠮᠲᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃ ︽ᠥᠥᠰᠢᠨ ᠬᠤᠰᠢᠭᠤᠨ ᠤ ᠠᠷᠠᠳ ᠤᠨ ᠵᠠᠰᠠᠭ   ᠤᠨ ᠣᠷᠳᠣᠨ ᠤ 2019 ᠣᠨ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠲᠤ ᠲᠣᠬᠢᠷᠠᠭᠤᠯᠤᠯᠲᠠ ᠬᠢᠬᠦ ᠲᠤᠬᠠᠶ ᠵᠥᠪᠯᠡᠯᠭᠡ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ︽ᠥᠥᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠭᠤᠤ ᠷᠦᠨ ᠶᠢᠩ ᠵᠡᠷᠭᠡ ᠨᠦᠬᠦᠷ ᠤᠨ ᠬᠠᠤᠯᠢ ᠴᠠᠭᠠᠵᠠ ᠶᠢᠨ ᠲᠤᠰᠢᠶᠠᠯ ᠢ ᠳᠡᠪᠰᠢᠭᠦᠯᠦᠨ ᠲᠣᠮᠢᠯᠠᠬᠤ ᠲᠤᠬᠠᠶ ᠵᠥᠪᠯᠡᠯᠭᠡ︾ ᠶᠢ ᠰᠤᠳᠤᠯᠤᠨ ᠪᠠᠲᠤᠯᠠᠭᠰᠠᠨ ᠪᠥᠭᠡᠳ ᠭᠤᠷᠪᠠᠨ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠤᠯᠤᠰ ᠤᠨ ᠠᠵᠢᠯᠲᠠᠨ ᠳᠤ ᠲᠣᠮᠢᠯᠠᠬᠤ ᠪᠢᠴᠢᠭ ᠭᠠᠷᠳᠠᠭᠤᠯᠵᠤ ᠭᠤᠷᠪᠠᠨ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠠᠵᠢᠯᠲᠠᠨ ᠦᠨᠳᠦᠰᠦᠨ ᠬᠠᠤᠯᠢ ᠶᠢᠨ ᠡᠮᠦᠨ᠎ᠡ ᠲᠠᠩᠭᠠᠷᠢᠭᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号