1 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ ᠵᠢᠷᠭᠤᠭᠠᠨ ᠰᠤᠮᠤ ᠪᠠᠯᠭᠠᠰᠤ ᠪᠠ ᠬᠡᠰᠡᠭ ᠠᠵᠤ ᠠᠬᠤᠶᠢᠯᠠᠯ ᠢ ᠪᠣᠯᠭᠤᠭᠠᠨ ᠲᠤᠬᠤᠨᠢᠭᠤᠯᠵᠤ ᠬᠤᠰᠢᠭᠤ | ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠮᠠᠨ ᠤ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ | ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠳᠤ ᠰᠢᠨ᠎ᠡ ᠵᠢᠯ ᠤᠨ ᠵᠥᠩᠨᠡᠯ ᠲᠠᠪᠰᠢᠭᠦᠯᠤᠨ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ ᠪᠥᠬᠦ ᠬᠤᠰᠢᠭᠤᠨ ᠤ 2020 ᠣᠨ ᠤ ᠡᠯ᠎ᠡ ᠲᠥᠷᠤᠯ | ᠤᠨ ᠠᠵᠢᠯ ᠥᠢᠯᠠᠰ ᠢ ᠠᠭᠢᠭᠤᠯᠤᠨ ᠳᠠᠬᠢᠨ ᠰᠢᠨ᠎ᠡ ᠨᠢᠭᠡᠨ ᠳᠡᠭᠲᠡᠷ ᠲᠤ ᠭᠠᠷᠭᠠᠬᠤ ᠬᠡᠷᠡᠭᠲᠡᠶ ᠭᠡᠵᠦ ᠵᠢᠭᠠᠵᠤ | ᠭᠠᠷᠭᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ | ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ | ᠵᠣᠬᠢᠶᠠᠨ ᠪᠠᠶᠢᠭᠤᠯᠬᠤ ᠬᠡᠯᠲᠡᠰ᠂ ᠡᠨᠧᠷᠭᠢ ᠶᠢᠨ ᠲᠣᠪᠴᠢᠶ᠎ᠠ᠂ ᠠᠵᠤ ᠥᠢᠯᠠᠳᠪᠤᠷᠢ ᠮᠡᠳᠡᠭᠡ ᠵᠠᠩᠭᠢ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷᠠᠳᠠᠨ ᠲᠣᠬᠤᠨᠢᠭᠤᠯᠪᠠ᠃ | | | | | | | ᠡᠷᠳᠡᠨᠢᠪᠢᠯᠢᠭ ᠨᠡᠷ ᠤᠷᠢᠳ ᠬᠤᠵᠢᠳ ᠵᠥᠩ ᠮᠸᠢ ᠪᠦᠯᠦᠭᠯᠡᠯ ᠤᠨ ᠮᠧᠩ ᠳ᠋ᠠ ᠰᠢᠨ᠎ᠡ ᠡᠨᠧᠷᠭᠢ ᠬᠢᠮᠢ ᠶᠢᠨ | ᠥᠢᠯᠠᠳᠪᠤᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠥᠸᠧ ᠶᠤᠸᠠᠨ ᠬᠤᠯᠪᠤᠭᠠᠯᠠᠭᠰᠠᠨ ᠬᠢᠮᠢ ᠶᠢᠨ | ᠥᠢᠯᠠᠳᠪᠤᠷᠢ ᠶᠢᠨ ᠬᠢᠵᠠᠭᠠᠷᠲᠤ ᠺᠣᠮᠫᠠᠨᠢ᠂ ᠵᠥᠩ ᠮᠸᠢ ᠪᠦᠯᠦᠭᠯᠡᠯ ᠤᠨ ᠣᠷᠳᠣᠰ ᠡᠨᠧᠷᠭᠢ ᠬᠢᠮᠢ ᠶᠢᠨ ᠠᠵᠤ | ᠥᠢᠯᠠᠳᠪᠤᠷᠢ ᠶᠢᠨ ᠬᠢᠵᠠᠭᠠᠷᠲᠤ ᠺᠣᠮᠫᠠᠨᠢ᠂ ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ | ᠬᠠᠷᠢᠭᠤᠴᠠᠯᠭᠠᠳᠤ ᠺᠣᠮᠫᠠᠨᠢ᠂ ᠬᠤᠯᠤᠰᠤ ᠨᠠᠭᠦᠷᠠᠰᠤᠨ ᠠᠭᠤᠷᠬᠠᠢ᠂ ᠢ ᠬᠤᠸᠠ ᠠᠭᠤᠷᠬᠠᠶ ᠶᠢᠨ ᠥᠢᠯᠠᠰ ᠤᠨ ᠡᠬᠢ | ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠸᠠᠳᠤᠯᠤᠭᠠᠢ ᠨᠡᠭᠦᠷᠡᠰᠦᠨ | ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠪᠠᠶᠠᠠᠭᠤᠤᠯ ᠨᠠᠭᠦᠷᠠᠰᠤᠨ ᠠᠭᠤᠷᠬᠠᠶ᠂ ᠶᠠᠨᠵᠸᠤ ᠨᠡᠭᠦᠷᠡᠰᠦᠨ ᠤ ᠥᠢᠯᠠᠰ | ᠤᠨ ᠣᠷᠳᠣᠰ ᠡᠨᠧᠷᠭᠢ ᠬᠢᠮᠢ ᠶᠢᠨ ᠥᠢᠯᠠᠳᠪᠤᠷᠢ ᠶᠢᠨ ᠬᠢᠵᠠᠭᠠᠷᠲᠤ ᠺᠣᠮᠫᠠᠨᠢ ︵ᠱᠠᠩ ᠤᠨ ᠬᠤᠭᠤᠯᠠᠢ ᠨᠡᠭᠦᠷᠡᠰᠦᠨ | ᠠᠭᠤᠷᠬᠠᠶ︶᠂ ᠥᠪᠥᠷ ᠮᠣᠩᠭᠤᠯ ᠤᠨ ᠪᠥᠸᠧ ᠳ᠋ᠡ ᠱᠢ ᠳ᠋ᠢ ᠬᠢᠮᠢ ᠶᠢᠨ ᠬᠢᠵᠠᠭᠠᠷᠲᠤ ᠺᠣᠮᠫᠠᠨᠢ᠂ ᠵᠥᠩ ᠮᠧᠶ | ᠪᠦᠯᠦᠭᠯᠡᠯ ᠤᠨ ᠶᠤᠸᠠᠨ ᠰᠢᠩ ᠡᠨᠧᠷᠭᠢ ᠬᠢᠮᠢ ᠶᠢᠨ ᠥᠢᠯᠠᠳᠪᠤᠷᠢ ᠶᠢᠨ ᠬᠢᠵᠠᠭᠠᠷᠲᠤ ᠺᠣᠮᠫᠠᠨᠢ ᠳᠤ ᠬᠦᠷᠴᠦ | ᠪᠣᠯᠭᠤᠭᠠᠨ ᠲᠤᠬᠤᠨᠢᠭᠤᠯᠭ᠎ᠠ ᠭᠢᠵᠤ ᠠᠵᠤ ᠠᠬᠤᠶᠢᠯᠠᠯ ᠤᠨ 2019 ᠣᠨ ᠤ ᠥᠢᠯᠡᠳᠪᠤᠷᠢᠯᠠᠯ ᠡᠵᠡᠩᠨᠡᠯᠲᠡ᠂ ᠠᠮᠤᠷ | ᠲᠦᠪᠰᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠢᠴᠢ | 2020 ᠣᠨ ᠤ ᠲᠥᠯᠥᠪᠵᠢᠭᠦᠯᠭᠡ ᠶᠢ ᠨᠠᠷᠢᠨ ᠤᠶᠢᠯᠠᠭᠠᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ | ᠲᠥᠯᠥᠭᠡᠯᠡᠨ ᠠᠵᠤ ᠠᠬᠤᠶᠢᠯᠠᠯ ᠤᠨ ᠺᠠᠳ᠋ᠷ ᠠᠵᠢᠯᠳᠠᠨ ᠳᠤ ᠰᠢᠨ᠎ᠡ ᠵᠢᠯ ᠤᠨ ᠵᠥᠩᠨᠡᠯ ᠳᠡᠪᠰᠢᠭᠦᠯᠬᠦ ᠶᠢᠨ ᠬᠠᠮᠲᠤ | ᠲᠤᠬᠤᠨᠢᠭᠤᠯᠭ᠎ᠠ ᠶᠢᠨ ᠵᠠᠬᠢᠳᠠᠯ ᠪᠠ ᠲᠤᠬᠤᠨᠢᠭᠤᠯᠭ᠎ᠠ ᠶᠢᠨ ᠪᠣᠳᠠᠰ ᠭᠥᠷᠭᠡᠭᠰᠠᠨ ᠪᠠᠶᠢᠨ᠎ᠠ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ ᠲᠥᠪ ᠬᠤᠷᠢᠶ᠎ᠠ᠂ ᠥᠪᠠᠷᠳᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ | ᠥᠬᠡᠶ ᠲᠤᠭᠤᠰᠢᠯᠠᠭᠤᠯᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠨᠤᠮᠢᠨ ᠲᠠᠩᠰᠤᠭ ᠬᠦᠭᠵᠢᠨ | ᠮᠠᠨᠳᠤᠯᠲᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ | ᠠᠵᠤ ᠥᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ᠂ ᠬᠦᠴᠦᠷᠬᠡᠭᠵᠢᠭᠦᠯᠬᠦ ᠲᠠᠯ᠎ᠠ ᠪᠠᠷ ᠦᠷᠭᠦᠯᠵᠢᠯᠡᠨ | ᠠᠷᠭ᠎ᠠ ᠤᠬᠠᠭᠠᠨ ᠭᠠᠷᠭᠠᠵᠤ ᠮᠠᠨ ᠤ ᠬᠤᠰᠢᠭᠤᠨ ᠤ ᠡᠨᠧᠷᠭᠢ ᠶᠢᠨ ᠠᠵᠤ ᠥᠢᠯᠡᠰ ᠤᠨ ᠲᠠᠰ ᠲᠠᠪᠰᠢᠭᠦ ᠶᠢ | ᠠᠭᠢᠭᠤᠯᠬᠤ ᠭᠡᠷᠡᠭᠳᠠᠢ᠃ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠵᠦ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠲᠦᠷᠭᠡᠳᠬᠡᠨ ᠴᠢᠬᠤᠯᠠ ᠶᠡᠭᠡ ᠲᠦᠷᠦᠯ ᠵᠦᠢᠯ ᠢᠶᠠᠷ ᠬᠥᠭᠵᠢᠯᠲᠡ ᠶᠢᠨ ᠪᠠᠶᠢᠷᠢᠯᠠᠭᠤᠯᠤᠯᠳᠠ ᠶᠢ | ᠥᠷᠭᠡᠳᠬᠡᠬᠦ ᠶᠢᠨ ᠬᠠᠮᠲᠤ ᠠᠷᠠᠳ ᠠᠴᠠ ᠡᠵᠡᠩᠨᠡᠭᠰᠠᠨ ᠠᠵᠤ ᠠᠬᠤᠢ ᠶᠢᠨ ᠢᠵᠢ ᠪᠥᠷᠢᠳᠥᠭᠰᠠᠨ ᠭᠥᠭᠵᠢᠯᠳᠠ ᠶᠢ | ᠳᠡᠮᠵᠢᠵᠦ ᠠᠵᠤ ᠦᠢᠯᠡᠰ ᠤᠨ ᠭᠡᠯᠭᠢᠶᠠᠵᠢᠯ ᠪᠣᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠨᠢ ᠠᠮᠤᠷ ᠲᠦᠪᠰᠢᠨ᠂ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠠᠷ ᠤᠨ ᠡᠳᠦᠷ ᠤᠨ ᠬᠤᠭᠤᠴᠠᠭᠠᠨ ᠤ ᠠᠮᠤᠷ ᠲᠦᠪᠰᠢᠨ ᠤ | ᠤᠬᠠᠮᠰᠠᠷ ᠢᠶᠠᠨ ᠲᠡᠭᠡᠭᠰᠢᠯᠠᠭᠦᠯᠤᠨ ᠪᠥᠭᠦ ᠬᠤᠰᠢᠭᠤᠨ ᠤ ᠠᠮᠤᠷ ᠲᠦᠪᠰᠢᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠦᠷᠭᠦᠯᠵᠢᠯᠡᠨ ᠲᠣᠭᠲᠠᠭᠤᠨ ᠰᠠᠶᠢᠵᠢᠷᠠᠯᠳᠠ ᠶᠢ ᠪᠠᠲᠤᠯᠠᠬᠤ ᠬᠡᠷᠡᠭᠲᠡᠢ᠃ ᠨᠠᠮ ᠤᠨ | ᠪᠠᠶᠢᠭᠤᠯᠤᠯᠲᠠ ᠪᠠᠷ ᠬᠦᠳᠦᠯᠥᠨ ᠳᠠᠭᠠᠭᠤᠯᠤᠭᠤᠯᠬᠤ ᠶᠢ ᠪᠠᠷᠢᠮᠳᠠᠯᠠᠨ ᠠᠵᠤ ᠠᠬᠤᠶᠢᠯᠠᠯ ᠤᠨ ᠨᠠᠮ ᠤᠨ | ᠪᠠᠶᠢᠭᠤᠯᠤᠯᠳᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠲᠠᠭᠤᠷᠢᠶᠠᠯ ᠥᠢᠯᠡᠳᠤᠯ ᠢ | ᠪᠠᠳᠠᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ ᠪᠦᠬᠦ | ᠬᠤᠰᠢᠭᠤᠨ ᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ ᠳᠤᠮᠳᠠ ᠨᠠᠩ ᠶᠡᠭᠡ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠡᠢ᠃ | ᠡᠯ᠎ᠡ ᠰᠤᠮᠤ ᠪᠠᠯᠭᠠᠰᠤᠨ ᠳᠤ ᠡᠷᠳᠡᠨᠢᠪᠢᠯᠢᠭ ᠺᠠᠳ᠋ᠷ ᠠᠵᠢᠯᠲᠠᠨ ᠠᠵᠢᠯᠴᠢᠨ ᠲᠠᠢ ᠰᠠᠨᠠᠯ ᠢᠶᠠᠨ ᠰᠤᠯᠢᠯᠴᠠᠨ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠦᠨᠳᠦᠰᠦᠨ ᠱᠠᠲᠤᠨ ᠤ ᠨᠢᠭᠡᠳᠦᠭᠡᠷ | ᠹᠷᠤᠨᠲ ᠤᠨ ᠺᠠᠳ᠋ᠷ ᠠᠵᠢᠯᠲᠠᠨ ᠪᠠ ᠣᠯᠠᠨ ᠲᠦᠮᠡᠨ ᠳᠤ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ ᠣᠯᠠᠨ | ᠲᠠᠶᠠᠭᠠᠷ ᠤᠨ ᠨᠢᠭᠡ ᠵᠢᠯ ᠤᠨ ᠲᠤᠷᠰᠢᠬᠢ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠭ᠎ᠠ ᠪᠠᠨ ᠢᠯᠡᠷᠭᠡᠶᠢᠯᠠᠪᠠ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ 2020 ᠣᠨ ᠪᠣᠯ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ | ᠪᠠᠶᠠᠯᠠᠭᠦᠯᠭᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠠᠩᠭᠢᠯᠠᠭ᠎ᠠ ᠶᠢᠨ ᠨᠢᠭᠡ ᠵᠢᠯ᠂ ᠮᠥᠨ | ᠴᠦ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠃ | ᠣᠯᠠᠨ ᠢᠶᠠᠷ ᠢᠶᠠᠨ ᠭᠥᠭᠵᠢᠯᠳᠠ ᠶᠢᠨ ᠢᠲᠡᠭᠡᠯ ᠢᠶᠠᠨ ᠭᠥᠪᠴᠢᠯᠠᠨ ᠥᠷᠢᠰᠤᠯᠳᠤᠭᠡᠨ ᠢ ᠨᠠᠮᠳᠠᠭᠤᠯᠵᠤ ᠵᠣᠪᠠᠭᠤᠷᠢ | ᠵᠦᠳᠡᠭᠦᠷᠢ ᠶᠢ ᠲᠠᠰᠪᠤᠷᠢᠯᠠᠨ ᠴᠥᠭᠦᠷᠠᠰᠢ ᠥᠭᠡᠢ ᠤᠷᠤᠭᠰᠢ ᠲᠠᠪᠰᠢᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ ᠪᠥᠬᠦ ᠬᠤᠰᠢᠭᠤᠨ ᠤ 2020 ᠣᠨ ᠤ ᠡᠯ᠎ᠡ ᠲᠥᠷᠤᠯ ᠤᠨ ᠠᠵᠢᠯ ᠥᠢᠯᠡᠰ ᠢ ᠳᠠᠬᠢᠨ | ᠰᠢᠨ᠎ᠡ ᠲᠡᠭᠳᠠᠷ ᠲᠤ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠡᠢ᠃ | | | | | | | | | | | | | | | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠤᠯᠤᠰ ᠲᠥᠷᠥ ᠶᠢ ᠡᠷᠭᠢᠮᠯᠠᠨ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠵᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠬᠥᠭᠵᠢᠯᠲᠡ ᠶᠢᠨ ᠲᠤᠬᠠᠶ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ | ᠬᠡᠷᠡᠭᠲᠡᠶ᠃ ᠬᠦᠭᠵᠢᠯᠲᠡ ᠶᠢᠨ ᠨᠢᠭᠡᠳᠦᠭᠡᠷ ᠭᠤᠤᠯᠳᠠᠯᠭ᠎ᠠ ᠶᠢ ᠰᠠᠶᠢᠲᠤᠷ ᠠᠳᠬᠤᠵᠤ ᠦᠵᠡᠯ ᠰᠠᠨᠠᠭᠠᠨ ᠤ ᠲᠠᠨᠢᠯᠲᠠ | ᠪᠠ ᠬᠥᠭᠵᠢᠯᠲᠡ ᠶᠢᠨ ᠠᠷᠭ᠎ᠠ ᠬᠡᠯᠪᠡᠷᠢ ᠶᠢ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠬᠦᠯᠬᠦ | ᠳᠡᠭᠡᠷ᠎ᠡ ᠰᠢᠯᠵᠢᠭᠦᠯᠤᠨ ᠬᠥᠭᠵᠢᠯᠲᠡ ᠪᠣᠯᠤᠨ ᠬᠠᠮᠠᠭᠠᠯᠠᠯᠲᠠ ᠶᠢᠨ ᠬᠠᠷᠢᠴᠠᠭ᠎ᠠ ᠶᠢ ᠨᠢᠭᠡᠳᠦᠯᠲᠡᠶ ᠲᠦᠯᠦᠪᠵᠢᠬᠦᠯᠵᠤ | ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠬᠤ ᠬᠡᠷᠡᠭᠲᠡᠶ᠃ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠭᠢᠭᠦ ᠳᠤ ᠨᠢᠭᠡ ᠲᠠᠯ᠎ᠠ ᠪᠠᠷ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠶᠢ ᠪᠡᠶᠡᠯᠡᠭᠦᠯᠵᠦ ᠭᠤᠤᠯᠳᠠᠯᠭ᠎ᠠ ᠶᠢ ᠠᠳᠬᠤᠨ | ᠳᠤᠲᠠᠭᠤᠳᠠᠯ ᠢ ᠨᠥᠬᠦᠪᠥᠷᠢᠯᠡᠵᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ | ᠣᠯᠬᠤ᠂ ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠲᠤᠭᠳᠠᠯᠴᠠᠭ᠎ᠠ ᠶᠢ ᠪᠦᠷᠢᠨ ᠪᠣᠯᠭᠠᠬᠤ᠂ ᠪᠣᠯᠪᠠᠰᠤᠨ ᠲᠤᠰᠬᠤᠨ ᠪᠠᠯᠭᠠᠰᠤ | ᠶᠢ ᠡᠭᠦᠳᠦᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡ ᠶᠢᠨ ᠥᠷᠲᠡᠭᠡ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠵᠢᠯ ᠢ ᠰᠠᠶᠢᠲᠤᠷ ᠬᠢᠵᠦ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠪᠣᠯᠤᠨ ᠬᠥᠭᠵᠢᠯᠲᠡ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠭᠦ ᠭᠡᠷᠡᠭᠳᠠᠢ︔ | ᠨᠦᠬᠦᠭᠡ ᠲᠠᠯ᠎ᠠ ᠪᠠᠷ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠪᠣᠯᠤᠨ | ᠣᠯᠠᠨ ᠲᠦᠮᠡᠨᠴᠢ ᠱᠤᠭᠤᠮ ᠢ ᠭᠦᠨᠵᠡᠭᠡᠶ ᠥᠢᠯᠡᠳᠤᠯᠭᠡᠵᠢᠭᠦᠯᠤᠨ ᠢᠷᠭᠡᠨ ᠤ ᠬᠡᠷᠡᠭ ᠤᠨ ᠪᠣᠳᠠᠲᠤ ᠶᠠᠪᠤᠳᠠᠯ ᠢ | ᠠᠷᠠᠳ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ︔ | ᠬᠥᠭᠵᠢᠯᠲᠡ ᠶᠢᠨ ᠰᠢᠨ᠎ᠡ ᠤᠶᠢᠯᠠᠭᠠᠭᠳᠠᠬᠤᠨ ᠢ ᠨᠠᠶᠢᠳᠠᠪᠤᠷᠢᠵᠢᠭᠤᠯᠬᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠭᠢᠭᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠵᠡᠷᠭᠡ ᠠᠵᠢᠯ ᠤᠨ ᠳᠤᠮᠳᠠ ᠵᠢᠳᠬᠦᠯ ᠴᠢᠷᠮᠠᠶᠢᠯᠭ᠎ᠠ ᠭᠠᠷᠭᠠᠵᠤ | ᠦᠨᠡᠨᠴᠢ ᠰᠢᠳᠤᠷᠭᠤ ᠶᠢ ᠢᠯᠡᠷᠡᠭᠦᠯᠬᠦ ᠬᠡᠷᠡᠭᠲᠡᠶ︔ ᠳᠦᠷᠢᠮ ᠤᠨ ᠳᠠᠪᠠᠭᠤᠯᠢᠭ ᠢ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠠᠷᠪᠠ ᠶᠢᠰᠤᠳᠤᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠦᠷᠢᠮ ᠤᠨ | ᠬᠡᠷᠡᠭᠵᠢᠭᠦᠯᠦᠯᠲᠡ ᠶᠢ ᠣᠷᠣᠨ ᠪᠦᠰᠡ ᠶᠢᠨ ᠵᠠᠰᠠᠯᠲᠠ᠂ ᠰᠠᠯᠠᠭ᠎ᠠ ᠮᠥᠴᠢᠷ ᠤᠨ ᠵᠠᠰᠠᠯᠲᠠ᠂ ᠠᠵᠢᠯ ᠲᠥᠷᠥᠯ ᠤᠨ | ᠵᠠᠰᠠᠯᠲᠠ᠂ ᠦᠨᠳᠦᠰᠦᠨ ᠱᠠᠲᠤᠨ ᠤ ᠵᠠᠰᠠᠯᠲᠠ᠂ ᠨᠢᠭᠡᠴᠢ ᠶᠢᠨ ᠵᠠᠰᠠᠯᠲᠠ ᠶᠢᠨ ᠪᠦᠬᠦ ᠶᠠᠪᠤᠴᠠ ᠳᠤ | ᠲᠤᠭᠤᠰᠢᠯᠠᠭᠤᠯᠬᠤ ᠶᠢᠨ ᠬᠠᠮᠲᠤ ᠨᠡᠶᠢᠬᠡᠮ ᠤᠨ ᠵᠠᠰᠠᠯᠲᠠ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠡᠷᠭᠡ ᠠᠵᠢᠯ ᠲᠠᠢ ᠣᠷᠭᠠᠨᠢᠭ ᠢᠶᠠᠷ | ᠤᠶᠠᠯᠳᠤᠭᠤᠯᠤᠨ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠬᠡᠷᠡᠭᠲᠡᠶ︔ ᠥᠪᠡᠷ ᠢ ᠪᠠᠨ ᠴᠢᠩᠭ᠎ᠠ ᠱᠠᠭᠠᠷᠳᠠᠨ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠠᠷᠠᠳᠴᠢᠯᠠᠯ ᠲᠥᠪᠯᠡᠷᠡᠯ ᠤᠨ ᠶᠣᠰᠣᠨ ᠤ | ᠵᠠᠷᠴᠢᠮ᠂ ᠲᠥᠪ ᠤᠨ ᠨᠠᠢᠮᠠᠨ ᠲᠥᠷᠤᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ | ︽ᠳᠥᠷᠪᠡᠨ ᠰᠤᠷᠲᠠᠯ ᠤᠨ ᠠᠰᠠᠭᠤᠳᠠᠯ︾ ᠢ ᠡᠷᠡᠰ ᠬᠤᠷᠢᠭᠯᠠᠬᠤ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠪᠥᠬᠦ ᠵᠢᠯ ᠤᠨ ᠠᠵᠢᠯ ᠢᠶᠠᠨ ᠲᠥᠯᠥᠪᠯᠡᠵᠦ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠠ | ᠠᠷᠠᠳ ᠣᠯᠠᠨ ᠤ ᠬᠦᠰᠡᠯ ᠱᠠᠭᠠᠷᠳᠠᠯᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠡᠮᠬᠢᠯᠡᠨ ᠰᠤᠳᠤᠯᠵᠤ ᠪᠥᠬᠦ ᠵᠢᠯ ᠤᠨ | ᠠᠵᠢᠯ ᠢᠶᠠᠨ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ︔ ᠭᠠᠳᠠᠭᠰᠢ ᠤᠬᠠᠭᠤᠯᠤᠨ ᠮᠡᠳᠡᠭᠡᠯᠡᠬᠦ ᠡᠷᠴᠢᠮ ᠢᠶᠠᠨ | ᠴᠢᠩᠭᠠᠷᠠᠭᠤᠯᠵᠤ ᠰᠣᠨᠢᠨ ᠮᠡᠳᠡᠭᠡ ᠰᠤᠷᠲᠠᠯ ᠤᠬᠠᠭᠤᠯᠭ᠎ᠠ ᠶᠢᠨ ᠠᠵᠢᠯ ᠢ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠤᠨ ᠭᠤᠤᠯᠳᠠᠯᠭ᠎ᠠ ᠪᠣᠯᠭᠠᠨ ᠠᠳᠬᠤᠵᠤ ︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠠᠵᠢᠯ ᠤᠨ ᠳᠤᠮᠳᠠ ᠴᠣᠯᠭᠤᠷᠠᠨ ᠭᠠᠷᠤᠭᠰᠠᠨ ᠭᠢᠯᠠᠰ ᠴᠡᠭ ᠢ | ︽ᠦᠯᠢᠭᠡᠷ ᠳᠠᠭᠤᠷᠢᠶᠠᠯ︾ ᠲᠠᠢ ᠨᠢᠭᠲᠠ ᠤᠶᠠᠯᠳᠤᠭᠤᠯᠤᠨ ᠤᠬᠠᠭᠤᠯᠤᠨ ᠮᠡᠳᠡᠭᠡᠯᠡᠵᠦ ᠣᠯᠠᠨ ᠤ ᠬᠦᠷᠢᠶᠡᠯᠡᠯ ᠢ | ᠣᠯᠬᠤ᠂ ᠳᠦᠷᠢ ᠲᠥᠷᠬᠦ ᠶᠢ ᠢᠯᠡᠷᠡᠭᠦᠯᠬᠦ ᠲᠠᠯ᠎ᠠ ᠪᠠᠷ ᠬᠦᠴᠦᠯᠡᠨ ᠴᠢᠷᠮᠠᠶᠢᠵᠤ ᠪᠥᠬᠦ ᠬᠤᠰᠢᠭᠤᠨ ᠤ ᠰᠤᠷᠲᠠᠯ | ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ | ᠠᠬᠢᠭᠤᠯᠬᠤ ᠬᠡᠷᠡᠭᠲᠡᠶ︔ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠰᠤᠮᠤ ᠪᠠᠯᠭᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠥᠭᠡᠷᠡᠴᠢᠯᠡᠯᠲᠡ ᠶᠢᠨ ᠬᠤᠭᠤᠴᠠᠭᠠᠨ ᠳᠤ | ᠦᠵᠡᠯ ᠰᠠᠨᠠᠭ᠎ᠠ ᠰᠠᠮᠠᠭᠤᠷᠠᠬᠤ ᠦᠭᠡᠢ᠂ ᠠᠵᠢᠯ ᠲᠠᠰᠤᠷᠠᠬᠤ ᠦᠭᠡᠢ᠂ ᠡᠩᠨᠡᠭᠡ ᠰᠤᠯᠠᠷᠠᠬᠤ ᠦᠭᠡᠢ᠂ ᠡᠷᠴᠢ ᠵᠣᠷᠢᠭ | ᠪᠠᠭᠤᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ︔ ᠦᠨᠳᠦᠰᠦᠨ ᠱᠠᠲᠤᠨ ᠤ ᠺᠠᠳ᠋ᠷ ᠢ ᠢᠯᠡᠭᠦᠬᠡᠨ ᠬᠠᠯᠠᠮᠵᠢᠯᠠᠨ | ᠬᠠᠶᠢᠷᠠᠯᠠᠵᠤ ︽ᠺᠠᠳ᠋ᠷ ᠢ ᠬᠥᠮᠦᠵᠢᠭᠦᠯᠵᠦ ᠦᠨᠳᠦᠰᠦᠨ ᠱᠠᠲᠤᠨ ᠳᠤ ᠪᠠᠶᠢᠯᠭᠠᠬᠤ᠂ ᠺᠠᠳ᠋ᠷ ᠢ ᠰᠤᠩᠭᠤᠵᠤ ᠦᠨᠳᠦᠰᠦᠨ | ᠱᠠᠲᠤᠨ ᠳᠤ ᠪᠠᠶᠢᠯᠭᠠᠬᠤ︾ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ | ᠥᠷᠭᠡᠨ ᠣᠯᠠᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠪᠠᠶᠢᠯᠭᠠᠵᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠳᠤᠮᠳᠠ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠴᠠᠭᠠᠨ ᠰᠠᠷ᠎ᠠ | ᠪᠣᠯᠬᠤ ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ᠂ ᠵᠠᠬᠢᠳᠠᠯ | ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠡᠷᠭᠢᠨ ᠦᠵᠡᠵᠦ ᠲᠣᠬᠤᠨᠢᠭᠤᠯᠬᠤ ᠵᠡᠷᠭᠡ ᠭᠤᠤᠯᠳᠠᠯᠭ᠎ᠠ ᠲᠠᠢ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠬᠤᠰᠢᠭᠤᠨ ᠤ ᠠᠷᠠᠳ ᠲᠦᠮᠡᠨ ᠤ ᠵᠣᠯ ᠵᠢᠷᠭᠠᠯᠲᠤ᠂ ᠡᠶ᠎ᠡ | ᠨᠠᠶᠢᠷᠠᠮᠳᠠᠭᠤ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | |