ᠰᠢ ᠶᠢᠨ ᠫᠢᠩ ᠺᠢᠷᠢᠪᠠᠰᠢ ᠶᠢᠨ ᠶᠡᠷᠤᠩᠬᠡᠶᠢᠯᠡᠭᠴᠢ ᠮᠠᠮᠤᠤ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2020-01-07
     ᠤᠯᠤᠰ ᠤᠨ ᠲᠡᠷᠢᠬᠦᠯᠡᠭᠴᠢ ᠰᠢ ᠶᠢᠨ ᠫᠢᠩ 6 ᠤ ᠡᠳᠤᠷ ᠠᠷᠠᠳ ᠤᠨ ᠶᠡᠭᠡ ᠬᠤᠷᠡᠯ ᠤᠨ ᠲᠠᠩᠬᠢᠮ ᠳᠤ ᠺᠢᠷᠢᠪᠠᠰᠢ ᠶᠢᠨ ᠶᠡᠷᠤᠩᠬᠡᠶᠢᠯᠡᠭᠴᠢ ᠮᠠᠮᠤᠤ ᠲᠠᠢ ᠭᠡᠯᠡᠯᠴᠡᠭᠡ ᠬᠢᠵᠠᠢ᠃      ᠰᠢ ᠶᠢᠨ ᠫᠢᠩ᠂ ᠰᠢᠨ᠎ᠡ ᠵᠢᠯ ᠡᠬᠢᠯᠡᠵᠥ᠂ ᠲᠡᠯᠡᠬᠡᠢ ᠲᠡᠬᠡᠷ᠎ᠡ ᠰᠠᠶᠢᠨ ᠮᠠᠭᠤ ᠮᠡᠳᠡᠭᠡ ᠰᠤᠯᠪᠢᠴᠠᠵᠥ᠂ ᠲᠤᠭᠳᠠᠭᠤᠨ ᠪᠤᠰᠤ ᠲᠤᠭᠳᠠᠭᠠᠯᠳᠦ ᠪᠤᠰᠤ ᠡᠯᠧᠮᠧᠨ᠋ᠲ ᠨᠡᠮᠡᠭᠳᠡᠵᠥ ᠪᠠᠶᠢᠨ᠎ᠠ᠃ ᠶᠡᠷᠤᠩᠬᠡᠶᠢᠯᠡᠭᠴᠢ ᠠᠪᠤᠭᠠᠢ ᠶᠢᠨ ᠠᠶᠢᠯᠴᠢᠯᠠᠯᠳᠠ ᠨᠢ ᠪᠡᠭᠡᠵᠢᠩ ᠤᠨ ᠰᠢᠨ᠎ᠡ ᠵᠢᠯ ᠤᠨ ᠠᠩᠬᠠᠨ ᠤ ᠴᠠᠰᠤ ᠲᠠᠢ ᠲᠤᠬᠢᠶᠠᠯᠳᠤᠪᠠ᠃ ᠲᠤᠮᠳᠠᠳᠤ ᠤᠯᠤᠰ ᠲᠤ ᠪᠡᠯᠬᠡᠳᠦ ᠴᠠᠰᠤ ᠦᠨᠢᠷ ᠵᠢᠯ ᠢ ᠪᠡᠯᠭᠡᠳᠡᠨ᠎ᠡ ᠬᠡᠵᠥ ᠬᠡᠯᠡᠳᠡᠭ᠃ 2020 ᠤᠨ ᠳᠤ ᠲᠤᠮᠳᠠᠳᠤ ᠤᠯᠤᠰ ᠤᠨ ᠬᠦᠭᠵᠢᠯᠳᠡ ᠨᠡᠩ ᠰᠠᠶᠢᠨ ᠪᠤᠯᠤᠨ᠎ᠠ ᠭᠡᠵᠤ ᠪᠢᠳᠡ ᠢᠳᠡᠬᠡᠯ ᠲᠡᠭᠦᠯᠳᠡᠷ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠨᠢᠳᠤᠨᠤᠨ ᠤ 9 ᠰᠠᠷ᠎ᠠ ᠳᠤ᠂ ᠲᠤᠮᠳᠠᠳᠤ ᠤᠯᠤᠰ ᠪᠤᠯᠤᠨ ᠺᠢᠷᠢᠪᠠᠰᠢ ᠨᠢᠬᠡ ᠲᠤᠮᠳᠠᠳᠤ ᠤᠯᠤᠰ ᠪᠠᠶᠢᠬᠤ ᠵᠠᠷᠴᠢᠮ ᠤᠨ ᠰᠠᠭᠤᠷᠢᠨ ᠲᠡᠭᠡᠷ᠎ᠡ ᠭᠠᠳᠠᠭᠠᠳᠤ ᠬᠠᠷᠢᠯᠴᠠᠭ᠎ᠠ ᠪᠠᠨ ᠰᠡᠷᠬᠦᠬᠡᠵᠥ᠂ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠡ ᠶᠢᠨ ᠰᠢᠨ᠎ᠡ ᠬᠠᠭᠤᠳᠠᠰᠤ ᠶᠢ ᠰᠡᠬᠦᠭᠰᠡᠡ ᠪᠠᠶᠢᠨ᠎ᠠ᠃ ᠶᠡᠷᠤᠩᠬᠡᠶᠢᠯᠡᠭᠴᠢ ᠠᠪᠤᠭᠠᠢ ᠪᠤᠯᠤᠨ ᠺᠢᠷᠢᠪᠠᠰᠢ ᠶᠢᠨ ᠵᠠᠰᠠᠭ ᠤᠨ ᠤᠷᠳᠤᠨ ᠲᠡᠤᠬᠡ ᠶᠢᠨ ᠵᠦᠪ ᠲᠠᠯ᠎ᠠ ᠳᠤ ᠵᠤᠭᠰᠤᠵᠥ᠂ ᠪᠠᠶᠢᠯᠳᠤᠬᠤ ᠪᠤᠳᠤᠯᠭ᠎ᠠ ᠶᠢᠨ ᠬᠠᠷᠠᠴᠠ ᠪᠤᠯᠤᠨ ᠤᠯᠤᠰ ᠲᠦᠷᠦ ᠶᠢᠨ ᠰᠦᠰᠦ ᠵᠤᠷᠢᠭ ᠢᠶᠠᠨ ᠬᠦᠢᠴᠡᠳ ᠢᠯᠡᠷᠡᠬᠦᠯᠪᠡ᠃ ᠲᠤᠮᠳᠠᠳᠤ ᠤᠯᠤᠰ ᠡᠬᠦᠨ ᠢ ᠲᠡᠬᠡᠳᠤ ᠬᠡᠮᠵᠢᠶ᠎ᠡ ᠪᠠᠷ ᠮᠠᠭᠳᠠᠨ ᠰᠠᠶᠢᠰᠢᠶᠠᠵᠥ ᠪᠠᠶᠢᠨ᠎ᠠ᠃ ᠬᠠᠷᠢᠯᠴᠠᠭ᠎ᠠ ᠪᠠᠨ ᠰᠡᠷᠬᠦᠬᠡᠭᠰᠡᠡ ᠠᠴᠠ ᠨᠠᠭᠠᠰᠢ᠂ ᠬᠤᠶᠠᠷ ᠲᠠᠯ᠎ᠠ ᠶᠢᠨ ᠡᠯ᠎ᠡ ᠬᠦᠷᠢᠶ᠎ᠡ ᠴᠠᠷᠠᠭ᠎ᠠ᠂ ᠡᠯ᠎ᠡ ᠲᠡᠰ ᠲᠠᠪᠬᠤᠷᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠦᠷᠨᠢᠬᠦᠨ ᠬᠦᠭᠵᠢᠵᠥ᠂ ᠨᠡᠯᠢᠶᠡᠳ ᠰᠠᠶᠢᠨ ᠠᠮᠵᠢᠯᠳᠡ ᠪᠦᠳᠦᠮᠵᠢ ᠤᠯᠤᠭᠰᠠᠠ ᠪᠠᠶᠢᠨ᠎ᠠ᠃ ᠲᠤᠮᠳᠠᠳᠤ ᠺᠢᠷᠢᠪᠠᠰᠢ ᠬᠠᠷᠢᠯᠴᠠᠭ᠎ᠠ ᠪᠠᠨ ᠰᠡᠷᠬᠦᠭᠡᠭᠰᠡᠡ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠳᠤ ᠶᠢᠨ ᠠᠰᠢᠬ ᠲᠤᠰᠠ ᠲᠠᠢ ᠨᠡᠶᠢᠴᠡᠵᠥ᠂ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠡ ᠶᠢᠨ ᠢᠷᠡᠬᠡᠳᠤᠢ ᠬᠡᠬᠡᠨ ᠰᠠᠷᠠᠭᠤᠯ ᠪᠠᠶᠢᠨ᠎ᠠ ᠬᠡᠳᠡᠭ ᠢ ᠪᠤᠳᠠᠳᠤ ᠶᠠᠪᠤᠳᠠᠯ ᠬᠡᠷᠡᠴᠢᠯᠡᠪᠡ᠃ ᠶᠡᠷᠤᠩᠬᠡᠶᠢᠯᠡᠭᠴᠢ ᠠᠪᠤᠭᠠᠢ ᠶᠢᠨ ᠡᠨᠡ ᠤᠳᠠᠭ᠎ᠠ ᠲᠤᠮᠳᠠᠳᠤ ᠤᠯᠤᠰ ᠲᠤ ᠠᠶᠢᠯᠴᠢᠯᠠᠬᠰᠠᠠ ᠶᠠᠪᠤᠳᠠᠯ ᠨᠢ ᠲᠤᠮᠳᠠᠳᠤ ᠺᠢᠷᠢᠪᠠᠰᠢ ᠶᠢᠨ ᠬᠠᠷᠢᠯᠴᠠᠭᠠᠨ ᠤ ᠬᠦᠭᠵᠢᠯᠳᠡ ᠶᠢᠨ ᠴᠢᠬᠤᠯᠠ ᠪᠡᠯᠬᠡ ᠲᠡᠮᠳᠡᠭ ᠪᠤᠯᠤᠨ᠎ᠠ᠃ ᠪᠢᠳᠡ ᠲᠤᠷᠠᠳᠠᠶ᠎ᠠ ᠺᠢᠷᠢᠪᠠᠰᠢ ᠯᠤᠭ᠎ᠠ ᠬᠠᠮᠳᠤ ᠪᠠᠷ ᠴᠢᠷᠮᠡᠶᠢᠵᠥ᠂ ᠬᠤᠶᠠᠷ ᠤᠯᠤᠰ ᠤᠨ ᠬᠠᠷᠢᠯᠴᠠᠭ᠎ᠠ ᠰᠢᠨ᠎ᠡ ᠲᠡᠭᠳᠡᠷ ᠲᠤ ᠭᠠᠷᠴᠦ᠂ ᠨᠡᠩ ᠤᠯᠠᠨ ᠦᠷ᠎ᠡ ᠪᠦᠳᠦᠬᠡᠯ ᠤᠯᠬᠤ ᠶᠢ ᠠᠬᠢᠭᠤᠯᠤᠨ᠎ᠠ ᠬᠡᠵᠥ ᠴᠢᠬᠤᠯᠠᠴᠢᠯᠠᠪᠠ᠃      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠳᠡᠬᠡᠯᠴᠡᠭᠡ ᠪᠠᠨ ᠬᠦᠨᠵᠡᠬᠡᠶᠢᠷᠡᠬᠦᠯᠥᠶ᠎ᠡ᠃ ᠲᠤᠮᠳᠠᠳᠤ ᠤᠯᠤᠰ ᠶᠡᠭᠡ ᠪᠠᠭ᠎ᠠ ᠤᠯᠤᠰ ᠭᠡᠰᠡᠨ ᠦᠭᠡᠢ ᠪᠦᠷ ᠡᠷᠬᠡ ᠲᠡᠭᠰᠢ ᠪᠠᠶᠢᠬᠤ ᠶᠢ ᠪᠠᠷᠢᠮᠳᠠᠯᠠᠭᠰᠠᠭᠠᠷ ᠢᠷᠡᠪᠠ᠂ ᠡᠯ᠎ᠡ ᠤᠯᠤᠰ ᠡᠷᠬᠡ ᠮᠡᠳᠡᠯ ᠪᠤᠯᠤᠨ ᠨᠤᠳᠤᠭ ᠲᠡᠪᠢᠰᠭᠡᠷ ᠤᠨ ᠪᠦᠷᠢᠨ ᠪᠦᠳᠦᠨ ᠪᠠᠶᠢᠬᠤ ᠶᠢ ᠬᠠᠷᠢᠯᠴᠠᠨ ᠬᠦᠨᠳᠦᠳᠬᠡᠵᠥ᠂ ᠡᠷᠬᠡ ᠲᠡᠭᠰᠢ ᠪᠠᠷ ᠬᠠᠨᠳᠤᠯᠴᠠᠬᠤ ᠶᠤᠰᠤᠳᠠᠢ᠃ ᠲᠤᠮᠳᠠᠳᠤ ᠤᠯᠤᠰ ᠡᠩᠬᠡ ᠲᠠᠶᠢᠪᠤᠩ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠨ᠎ᠡ᠂ ︽ᠤᠯᠤᠰ ᠬᠦᠴᠦᠷᠬᠡᠭᠵᠢᠪᠡᠯ ᠵᠠᠪᠠᠯ ᠡᠵᠡᠷᠬᠡᠭᠴᠢ ᠪᠤᠯᠬᠤ︾ ᠶᠠᠪᠤᠳᠠᠯ ᠢ ᠬᠢᠬᠦ ᠦᠬᠡᠢ᠂ ᠪᠤᠰᠤᠳ ᠤᠯᠤᠰ ᠤᠨ ᠲᠤᠳᠤᠭᠠᠳᠤ ᠶᠠᠪᠤᠳᠠᠯ ᠳᠤ ᠭᠠᠷ ᠲᠦᠷᠦᠬᠦ ᠦᠬᠡᠢ᠂ ᠡᠬᠦᠨ ᠤ ᠵᠡᠷᠬᠡ ᠪᠠᠷ ᠪᠤᠰᠤᠳ ᠤᠯᠤᠰ ᠲᠤᠮᠳᠠᠳᠤ ᠤᠯᠤᠰ ᠤᠨ ᠲᠤᠳᠤᠭᠠᠳᠤ ᠶᠠᠪᠤᠳᠠᠯ ᠳᠤ ᠭᠠᠷ ᠲᠦᠷᠦᠬᠦ ᠶᠢ ᠵᠦᠪᠰᠢᠶᠡᠷᠡᠬᠦ ᠦᠬᠡᠢ᠃ ᠲᠤᠮᠳᠠᠳᠤ ᠤᠯᠤᠰ ᠺᠢᠷᠢᠪᠠᠰᠢ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠲᠤᠬᠢᠷᠠᠬᠰᠠᠠ ᠬᠦᠭᠵᠢᠯᠳᠡ ᠶᠢᠨ ᠵᠠᠮ ᠢᠶᠠᠨ ᠰᠤᠩᠭᠤᠬᠤ ᠶᠢ ᠬᠦᠨᠳᠦᠳᠬᠡᠵᠥ᠂ ᠲᠤᠷᠠᠳᠠᠶ᠎ᠠ ᠺᠢᠷᠢᠪᠠᠰᠢ ᠯᠤᠭ᠎ᠠ ᠲᠡᠬᠡᠳᠤ ᠲᠠᠪᠬᠤᠷᠭ᠎ᠠ ᠪᠤᠯᠤᠨ ᠡᠯ᠎ᠡ ᠲᠡᠰ ᠲᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠥ᠂ ᠲᠦᠷᠦ ᠶᠢ ᠵᠠᠰᠠᠵᠥ ᠵᠠᠰᠠᠭ ᠢ ᠡᠷᠬᠢᠯᠡᠭᠰᠡᠡ ᠲᠤᠷᠰᠢᠯᠭ᠎ᠠ ᠪᠠᠨ ᠬᠤᠪᠢᠶᠠᠯᠴᠠᠨ ᠡᠳ᠋ᠯᠡᠨ᠎ᠡ᠃ ᠲᠤᠰ ᠤᠳᠠᠭ᠎ᠠ ᠬᠤᠶᠠᠷ ᠤᠯᠤᠰ ᠢᠶᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠢᠢᠯᠠᠭᠠᠯᠴᠠᠭᠠᠨ ᠤ ᠰᠠᠨᠠᠮᠵᠢ ᠶᠢᠨ ᠪᠢᠴᠢᠭ ᠵᠡᠷᠭᠡ ᠪᠢᠴᠢᠭ ᠮᠠᠲ᠋ᠧᠷᠢᠶᠠᠯ ᠳᠡᠭᠡᠷ᠎ᠠ ᠭᠠᠷ ᠤᠨ ᠦᠰᠦᠭ ᠵᠢᠷᠦᠯ᠎ᠠ᠂ ᠡᠭᠦᠨ ᠢᠶᠠᠷ ︽ᠨᠢᠬᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ︽ᠺᠢᠷᠢᠪᠠᠰᠢ ᠶᠢᠨ 20 ᠵᠢᠯ ᠤᠨ ᠬᠦᠭᠵᠢᠯᠲᠡ ᠶᠢᠨ ᠲᠦᠯᠦᠪᠵᠢᠭᠦᠯᠭᠡ︾ ᠲᠠᠢ ᠬᠠᠷᠢᠯᠴᠠᠨ ᠵᠤᠯᠭᠠᠯᠳᠤᠭᠤᠯᠵᠤ᠂ ᠪᠤᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠦᠷᠭᠡᠳᠭᠡᠶ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠨᠡᠩ ᠤᠯᠠᠨ ᠳᠤᠮᠳᠠᠳᠤ ᠤᠯᠤᠰ ᠤᠨ ᠠᠵᠤ ᠠᠬᠤᠢᠢᠯᠠᠯ ᠺᠢᠷᠢᠪᠠᠰᠢ ᠳᠤ ᠬᠦᠷᠴᠦ ᠪᠡᠯᠡ ᠤᠷᠤᠭᠤᠯᠤᠨ ᠠᠵᠤ ᠦᠢᠯᠡᠰ ᠡᠷᠬᠢᠯᠡᠬᠦ ᠶᠢ ᠵᠤᠷᠢᠬᠵᠢᠭᠤᠯᠤᠨ᠎ᠠ᠃ ᠳᠤᠮᠳᠠᠳᠤ ᠶᠢᠨ ᠲᠠᠯ᠎ᠠ ᠨᠢᠭᠡᠨᠲᠡ ᠺᠢᠷᠢᠪᠠᠰᠢ ᠶᠢ ᠳᠤᠮᠳᠠᠳᠤ ᠤᠯᠤᠰ ᠤᠨ ᠢᠷᠭᠡᠳ ᠪᠦᠯᠬᠦᠮ ᠪᠠᠶᠢᠭᠤᠯᠤᠨ ᠤᠯᠤᠰ ᠤᠨ ᠭᠠᠳᠠᠭᠠᠳᠤ ᠳᠤ ᠭᠠᠷᠴᠤ ᠵᠢᠭᠤᠯᠴᠢᠯᠠᠬᠤ ᠵᠤᠷᠢᠯᠲᠠᠲᠦ ᠭᠠᠵᠠᠷ ᠪᠤᠯᠭᠠᠬᠤ ᠪᠠᠷ ᠵᠦᠪᠰᠢᠶᠡᠷᠡᠵᠡᠢ᠂ ᠬᠤᠶᠠᠷ ᠲᠠᠯ᠎ᠠ ᠪᠠᠷ ᠢᠶᠠᠨ ᠰᠤᠶᠤᠯ ᠢᠷᠭᠡᠨᠰᠢᠯ ᠤᠨ ᠰᠤᠯᠢᠯᠴᠠᠭ᠎ᠠ ᠪᠤᠯᠤᠨ ᠤᠷᠤᠨ ᠨᠤᠲᠤᠭ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠪᠤᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠢᠪᠠᠰᠢ ᠶᠢᠨ ᠲᠠᠯ᠎ᠠ ᠯᠤᠭ᠎ᠠ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ᠂ ᠨᠤᠮᠤᠬᠠᠨ ᠳᠠᠯᠠᠢ ᠶᠢᠨ ᠠᠷᠠᠯᠲᠤ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠤᠬᠲᠠᠴᠠ ᠶᠢᠨ ᠳᠤᠲᠤᠷ᠎ᠠ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠪᠤᠷᠤ ᠲᠦᠯᠦᠪ ᠤᠨ ᠳᠤᠲᠤᠷ᠎ᠠ ᠺᠢᠷᠢᠪᠠᠰᠢ ᠶᠢᠨ ᠲᠠᠯ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠦᠷᠬᠦᠯᠵᠢᠯᠡᠨ ᠳᠡᠮᠵᠢᠯᠭᠡ ᠬᠠᠪᠰᠤᠷᠤᠯᠭ᠎ᠠ ᠬᠠᠨᠭ᠍ᠭᠠᠵᠤ᠂ ᠬᠦᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠮᠠᠮᠤᠤ᠂ ᠺᠢᠷᠢᠪᠠᠰᠢ ᠶᠢᠨ ᠲᠠᠯ᠎ᠠ ᠬᠠᠷᠰᠢᠯᠠᠯ ᠢ ᠠᠷᠢᠯᠭᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠨ ᠰᠡᠷᠭᠦᠭᠡᠬᠦ ᠴᠢᠬᠤᠯᠠ ᠶᠡᠭᠡ ᠰᠢᠢᠳᠪᠦᠷᠢ ᠭᠠᠷᠭᠠᠪᠠ᠂ ᠡᠨᠡ ᠨᠢ ᠳᠤᠮᠳᠠᠳᠤ ᠤᠯᠤᠰ ᠲᠠᠬᠢ ᠢᠲᠡᠭᠡᠯ ᠨᠠᠶᠢᠳᠠᠪᠤᠷᠢ ᠳᠤ ᠲᠦᠰᠢᠭᠯᠡᠭᠰᠡᠨ ᠶᠤᠮ᠃ ᠺᠢᠷᠢᠪᠠᠰᠢ ᠳᠤᠮᠳᠠᠳᠤ ᠭᠠᠳᠠᠭᠠᠳᠤ ᠬᠠᠷᠢᠯᠴᠠᠭ᠎ᠠ ᠪᠠᠨ ᠰᠡᠷᠭᠦᠭᠡᠭᠡᠳ ᠤᠳᠠᠭ᠎ᠠ ᠦᠭᠡᠢ ᠪᠤᠯᠪᠠᠴᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢᠭᠡᠨᠲᠡ ᠢᠯᠡᠷᠬᠡᠢ ᠦᠷ᠎ᠠ ᠪᠦᠲᠦᠭᠡᠯ ᠤᠯᠪᠠ᠃ ᠪᠢ᠂ ᠺᠢᠷᠢᠪᠠᠰᠢ ᠶᠢᠨ ᠲᠠᠯ᠎ᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠡᠷᠬᠡ ᠮᠡᠲᠡᠯ ᠪᠤᠯᠤᠨ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠭᠡᠵᠦ᠂ ᠳᠤᠮᠳᠠᠳᠤ ᠤᠯᠤᠰ ᠤᠨ ︽ᠨᠢᠭᠡ ᠤᠯᠤᠰ ᠲᠤ ᠬᠤᠶᠠᠷ ᠪᠠᠶᠢᠭᠤᠯᠤᠯ ᠬᠡᠷᠡᠭᠵᠢᠭᠦᠯᠬᠦ︾ ᠴᠢᠭᠯᠡᠯᠲᠡ ᠶᠢ ᠳᠡᠮᠵᠢᠵᠦ᠂ ᠳᠤᠮᠳᠠᠳᠤ ᠤᠯᠤᠰ ᠤᠨ ᠨᠢᠭᠡᠲᠦᠯ ᠤᠨ ᠶᠡᠭᠡ ᠦᠢᠯᠡᠰ ᠢ ᠪᠡᠶᠡᠯᠡᠭᠦᠯᠬᠦ ᠶᠢ ᠳᠡᠮᠵᠢᠨ᠎ᠠ ᠭᠡᠳᠡᠭ ᠢᠶᠠᠨ ᠳᠠᠪᠲᠠᠨ ᠢᠯᠡᠷᠬᠡᠶᠢᠯᠡᠶ᠎ᠠ᠃ ᠺᠢᠷᠢᠪᠠᠰᠢ ᠶᠢᠨ ᠲᠠᠯ᠎ᠠ ᠳᠤᠮᠳᠠᠳᠤ ᠤᠯᠤᠰ ᠤᠨ ᠤᠯᠭᠤᠬᠰᠠᠨ ᠡᠷᠬᠢᠮ ᠨᠠᠨᠳᠢᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ᠂ ᠳᠤᠮᠳᠠᠳᠤ ᠶᠢᠨ ᠲᠠᠯ᠎ᠠ ᠯᠤᠭ᠎ᠠ ᠶᠢᠨ ᠠᠵᠤ ᠠᠬᠤᠢ ᠠᠷᠠᠯᠵᠢᠶ᠎ᠠ᠂ ᠪᠡᠯᠡ ᠤᠷᠤᠭᠤᠯᠤᠯᠲᠠ᠂ ᠵᠢᠭᠤᠯᠴᠢᠯᠠᠯ᠂ ᠵᠢᠭᠠᠰᠤᠨ ᠤ ᠦᠢᠯᠡᠰ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠰᠠᠭᠤᠷᠢ ᠲᠦᠬᠦᠭᠡᠷᠦᠮᠵᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠶᠢ ᠬᠦᠰᠡᠨ ᠬᠦᠯᠢᠶᠡᠵᠦ ᠪᠠᠶᠢᠨ᠎ᠠ᠃ ᠺᠢᠷᠢᠪᠠᠰᠢ ᠶᠢᠨ ᠲᠠᠯ᠎ᠠ ᠳᠤᠮᠳᠠᠳᠤ ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠦᠭᠵᠢᠯᠲᠡ ᠶᠢ ᠠᠬᠢᠭᠤᠯᠬᠤ ᠳᠤ ᠦᠵᠡᠬᠦᠯᠦᠭᠰᠡᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠠ ᠪᠠᠷ ᠮᠠᠬᠲᠠᠨ ᠰᠠᠶᠢᠰᠢᠶᠠᠵᠤ᠂ ᠳᠤᠮᠳᠠᠳᠤ ᠤᠯᠤᠰ ᠤᠨ ᠬᠦᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠳᠤ ᠢᠳᠡᠪᠬᠢᠲᠡᠢ ᠬᠦᠴᠦᠯᠡᠵᠦ᠂ ᠺᠢᠷᠢᠪᠠᠰᠢ ᠵᠡᠷᠭᠡ ᠳᠤᠮᠳᠠ ᠪᠠᠭ᠎ᠠ ᠬᠦᠭᠵᠢᠵᠦ ᠪᠠᠶᠢᠭ᠎ᠠ ᠤᠯᠤᠰ ᠤᠨ ᠬᠦᠭᠵᠢᠯᠲᠡ ᠪᠠᠨ ᠲᠦᠷᠭᠡᠳᠭᠡᠬᠦ ᠳᠤ ᠬᠠᠪᠰᠤᠷᠴᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠦᠷᠢᠰᠦᠯᠳᠦᠭᠡᠨ ᠢ ᠬᠠᠮᠲᠤ ᠪᠠᠷ ᠠᠷᠭᠠᠴᠠᠭᠠᠬᠰᠠᠨ ᠳᠤ ᠲᠠᠯᠠᠷᠬᠠᠵᠤ ᠪᠠᠶᠢᠨ᠎ᠠ᠃ ᠺᠢᠷᠢᠪᠠᠰᠢ ᠶᠢᠨ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠬᠠᠮᠲᠤ ᠪᠠᠷ᠂ ᠺᠢᠷᠢᠪᠠᠰᠢ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠦᠭᠵᠢᠵᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ ᠠᠬᠢᠭᠤᠯᠤᠨ᠎ᠠ ᠭᠡᠵᠦ ᠢᠯᠡᠳᠭᠡᠪᠡ᠃      ᠬᠡᠯᠡᠯᠴᠡᠭᠡ ᠲᠡᠭᠦᠰᠦᠭᠰᠡᠡ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠵᠠᠰᠠᠭ ᠤᠨ ᠤᠷᠳᠤᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠵᠡᠷᠭᠡ ᠤᠯᠠᠨ ᠲᠦᠷᠦᠯ ᠤᠨ ᠬᠤᠶᠠᠷ ᠲᠠᠯᠠᠲᠤ ᠬᠠᠮᠲᠤᠷᠠᠯᠴᠠᠭᠠᠨ ᠤ ᠪᠢᠴᠢᠭ  ᠮᠠᠲ᠋ᠧᠷᠢᠶᠠᠯ ᠳᠡᠭᠡᠷ᠎ᠠ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃      ᠬᠡᠯᠡᠯᠴᠡᠭᠡ ᠬᠢᠬᠦ ᠠᠴᠠ ᠡᠮᠦᠨ᠎ᠠ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠤᠨ ᠬᠤᠶᠢᠳᠦ ᠶᠡᠭᠡ ᠲᠢᠩᠬᠢᠮ ᠳᠤ ᠮᠠᠮᠤᠤ ᠶᠢ ᠤᠬᠲᠤᠬᠤ ᠶᠤᠰᠤᠯᠠᠯ ᠶᠠᠪᠤᠭᠤᠯᠪᠠ᠃ ᠫᠧᠩ ᠯᠢ ᠶᠤᠸᠠᠨ᠂ ᠶᠠᠩ ᠵᠢᠶᠧ ᡂᠢ᠂ ᠵᠢᠢ ᠪᠢᠩ ᠰᠢᠤᠸᠠᠨ᠂ ᠸᠠᠩ ᠢ᠂ ᠾᠧ ᠯᠢ ᠹᠧᠩ᠂ ᠯᠢᠦ ᠰᠢᠨ ᠴᠧᠩ ᠨᠠᠷ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号