︽ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 | ᠵᠢᠯ ᠤᠨ ᠤᠢ ᠶᠢ ᠪᠡᠯᠭᠡᠯᠡᠬᠦ ᠴᠢᠬᠤᠯᠠ ᠶᠠᠷᠢᠶ᠎ᠠ︾ ᠭᠡᠬᠦ ᠨᠤᠮ ᠢ ᠤᠢᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ | ᠬᠤᠷᠢᠶ᠎ᠠ ᠠᠴᠠ ᠬᠢᠲᠠᠳ᠂ ᠠᠩᠭ᠍ᠯᠢ ᠬᠡᠯᠡ ᠪᠠᠷ ᠤᠯᠤᠰ ᠤᠨ ᠲᠤᠲᠤᠭᠠᠳᠤ ᠭᠠᠳᠠᠭᠠᠳᠤ ᠳᠤ ᠬᠡᠪᠯᠡᠨ ᠲᠠᠷᠬᠠᠭᠠᠪᠠ᠃ | 2019 ᠤᠨ ᠪᠤᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ | ᠤᠢ ᠪᠤᠯᠤᠨ᠎ᠠ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠴᠢᠬᠤᠯᠠ ᠶᠡᠭᠡ ᠪᠡᠯᠭᠡᠯᠡᠬᠦ ᠠᠵᠢᠯᠯᠠᠭ᠎ᠠ ᠳᠤ | ᠤᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠨᠡᠶᠢᠲᠡᠯᠡᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠲᠤᠷᠰᠢᠬᠢ ᠬᠠᠷᠰᠢ ᠰᠠᠭᠠᠳ ᠢ ᠳᠠᠪᠠᠨ | ᠬᠦᠴᠢᠷ ᠪᠡᠷᠬᠡᠰᠢᠶᠡᠯ ᠢ ᠲᠤᠭᠤᠯᠤᠬᠰᠠᠨ ᠠᠤᠭ᠎ᠠ ᠰᠦᠷᠯᠢᠭ ᠲᠡᠦᠬᠡᠨ ᠶᠠᠪᠤᠴᠠ ᠶᠢ ᠭᠦᠨᠵᠡᠭᠡᠢ ᠲᠤᠲᠤᠷᠬᠠᠢᠢᠯᠠᠨ | ᠦᠬᠦᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠨᠤᠭᠤᠷᠠᠰᠢ ᠦᠭᠡᠢ᠂ ᠪᠦᠯᠬᠦᠮᠳᠡᠨ ᠲᠡᠮᠡᠴᠡᠵᠦ ᠡᠷᠡᠯᠬᠡᠭᠯᠡᠨ | ᠤᠷᠤᠬᠰᠢᠯᠠᠬᠤ ᠢᠯᠠᠯᠲᠠ ᠶᠢᠨ ᠳᠠᠭᠤᠨ ᠢ ᠴᠤᠤᠷᠢᠶᠠᠳᠤᠭᠤᠯᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠠᠷᠠᠳ ᠲᠦᠮᠡᠨ ᠤ ︽ᠳᠦᠷᠦᠭᠡ ᠪᠠᠨ ᠴᠢᠩᠭᠠᠯᠠᠨ ᠠᠶᠠᠨ ᠳᠠᠭᠠᠨ ᠳᠠᠬᠢᠨ ᠮᠤᠷᠳᠠᠬᠤ︾ ᠡᠷᠡᠯᠬᠡᠭ ᠵᠤᠷᠢᠭ ᠠᠤᠭ᠎ᠠ | ᠰᠡᠳᠭᠢᠯᠭᠡ ᠶᠢ ᠢᠯᠡᠷᠡᠭᠦᠯᠵᠦ᠂ ᠳᠤᠮᠳᠠᠳᠤ ᠤᠯᠤᠰ ᠤᠨ ᠡᠩᠬᠡ ᠲᠠᠶᠢᠪᠤᠩ ᠬᠦᠭᠵᠢᠯᠲᠡ ᠶᠢᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ | ᠪᠠᠶᠢᠭᠤᠯᠬᠤ ᠶᠢ ᠠᠬᠢᠭᠤᠯᠬᠤ ᠡᠷᠡᠰ ᠵᠤᠷᠢᠭ ᠢ ᠲᠤᠩᠬᠠᠬᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ | ᠤᠯᠤᠰ ᠢᠶᠠᠨ ᠬᠠᠶᠢᠷᠠᠯᠠᠬᠤ ᠬᠠᠯᠠᠭᠤᠨ ᠰᠡᠳᠭᠢᠯᠭᠡ ᠶᠢ ᠶᠡᠭᠡ ᠪᠠᠷ ᠬᠦᠭᠵᠢᠭᠡᠵᠦ᠂ ᠨᠠᠮ ᠤᠨ ᠰᠡᠳᠭᠢᠯ ᠴᠡᠷᠢᠭ ᠤᠨ | ᠰᠡᠳᠭᠢᠯ ᠠᠷᠠᠳ ᠤᠨ ᠰᠡᠳᠭᠢᠯ ᠢ ᠶᠡᠭᠡ ᠪᠠᠷ ᠤᠷᠮᠠᠰᠢᠭᠤᠯᠤᠨ ᠵᠤᠷᠢᠬᠵᠢᠭᠤᠯᠵᠤ᠂ ᠤᠯᠤᠰ ᠤᠨ ᠳᠤᠲᠤᠭᠠᠳᠤ | ᠭᠠᠳᠠᠭᠠᠳᠤ ᠶᠢᠨ ᠳᠤᠮᠳᠠᠳᠤ ᠶᠢᠨ ᠬᠦᠪᠡᠭᠦᠳ ᠦᠬᠢᠳ ᠤᠨ ᠢᠲᠡᠭᠡᠯ ᠵᠤᠷᠢᠭ ᠤᠮᠤᠬᠰᠢᠯᠲᠤ ᠰᠡᠳᠭᠢᠯᠭᠡ ᠶᠢ ᠶᠡᠭᠡ ᠪᠠᠷ | ᠴᠢᠩᠭᠠᠷᠠᠭᠤᠯᠵᠤ᠂ ᠳᠡᠯᠡᠬᠡᠢ ᠨᠡᠶᠢᠭᠡᠮ ᠤᠨ ᠳᠡᠭᠡᠳᠦ ᠬᠡᠮᠵᠢᠶᠠᠨ ᠤ ᠠᠩᠬᠠᠷᠤᠯ ᠪᠤᠯᠤᠨ ᠬᠠᠯᠠᠭᠤᠨ ᠲᠤᠰᠬᠠᠯ ᠢ ᠤᠯᠪᠠ᠃ | | ︽ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 | ᠵᠢᠯ ᠤᠨ ᠤᠢ ᠶᠢ ᠪᠡᠯᠭᠡᠯᠡᠬᠦ ᠴᠢᠬᠤᠯᠠ ᠶᠠᠷᠢᠶ᠎ᠠ︾ ᠭᠡᠬᠦ ᠨᠤᠮ ᠳᠤ ᠶᠡᠷᠦᠩᠬᠡᠢ ᠱᠦᠵᠢ ᠰᠢ ᠶᠢᠨ ᠫᠢᠩ ᠤᠨ ᠪᠡᠯᠭᠡᠯᠡᠬᠦ | ᠶᠡᠭᠡ ᠬᠤᠷᠠᠯ᠂ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠤᠯᠭᠤᠬᠤ | ᠶᠤᠰᠤᠯᠠᠯ᠂ ᠤᠯᠤᠰ ᠤᠨ ᠪᠠᠶᠠᠷ ᠤᠨ ᠳᠠᠶᠢᠯᠠᠯᠭ᠎ᠠ ᠶᠢᠨ ᠬᠤᠷᠠᠯ ᠳᠡᠭᠡᠷ᠎ᠠ ᠨᠡᠶᠢᠲᠡᠯᠡᠭᠰᠡᠨ ᠴᠢᠬᠤᠯᠠ ᠶᠠᠷᠢᠶ᠎ᠠ ᠵᠡᠷᠭᠡ 3 | ᠵᠤᠬᠢᠶᠠᠯ ᠢ ᠤᠷᠤᠭᠤᠯᠵᠠᠢ᠃ |