ᠭᠠᠯᠠᠭᠤᠲᠣ ᠪᠠᠯᠭᠠᠰᠣᠨ ᠤ 2020 ᠣᠨ ᠤ ᠰᠢᠨ᠎ᠡ ᠶᠢᠨ ᠪᠠᠷᠠᠭ᠎ᠠ ᠳᠡᠯᠬᠡᠨ ᠪᠣᠷᠣᠯᠠᠭᠤᠯᠬᠤ ᠠᠵᠢᠯᠯᠠᠭ᠎ᠠ ᠱᠠᠩ ᠤᠨ ᠬᠤᠭᠤᠯᠠᠢ ᠨᠡᠬᠦᠷᠡᠰᠦᠨ ᠠᠭᠤᠷᠬᠠᠢ ᠳᠤ ᠶᠠᠪᠣᠭᠳᠠᠪᠠ
ᠨᠡᠶᠢᠲᠡᠯᠡᠭᠰᠡᠨ ᠴᠠᠭ᠄
2020-01-09
     1 ᠰᠠᠷ᠎ᠠ ᠶᠢᠨ 6 ᠤ ᠡᠳᠦᠷ᠂ ᠭᠠᠯᠠᠭᠤᠲᠣ ᠪᠠᠯᠭᠠᠰᠣᠨ ᠤ 2020 ᠣᠨ ᠤ ᠰᠢᠨ᠎ᠡ ᠶᠢᠨ ᠪᠠᠷᠠᠭ᠎ᠠ ᠳᠡᠯᠬᠡᠨ ᠪᠣᠷᠣᠯᠠᠭᠤᠯᠬᠤ ᠠᠵᠢᠯᠯᠠᠭ᠎ᠠ ᠱᠠᠩ ᠤᠨ ᠬᠤᠭᠤᠯᠠᠢ ᠨᠡᠬᠦᠷᠡᠰᠦᠨ ᠠᠭᠤᠷᠬᠠᠢ ᠳᠤ ᠶᠠᠪᠣᠭᠳᠠᠯ᠎ᠠ᠃      ᠳᠣᠰ ᠣᠳᠠᠭᠠᠨ ᠤ ᠠᠵᠢᠯᠯᠠᠭ᠎ᠠ ᠶᠢ ᠭᠠᠯᠠᠭᠤᠲᠣ ᠪᠠᠯᠭᠠᠰᠣᠨ ᠤ ᠵᠠᠰᠠᠭ ᠤᠨ ᠣᠷᠳᠣᠨ ᠱᠠᠩ ᠤᠨ ᠬᠤᠭᠤᠯᠠᠢ ᠨᠡᠬᠦᠷᠡᠰᠦᠨ ᠠᠭᠤᠷᠬᠠᠢ᠂ ᠰᠡᠪᠬᠦᠯ ᠭᠠᠴᠠᠭ᠎ᠠ ᠵᠢᠴᠢ ︽3 +1︾ ᠬᠠᠷᠢᠯᠴᠠᠨ ᠬᠠᠪᠰᠣᠷᠣᠯᠴᠠᠵᠦ ᠬᠠᠮᠳᠣᠪᠠᠷ ᠴᠣᠭᠴᠠᠯᠠᠬᠤ ᠪᠠᠶᠢᠭᠤᠯᠭ᠎ᠠ ᠬᠠᠮᠳᠣᠷᠠᠨ ᠶᠠᠪᠣᠭᠳᠠᠭᠤᠯᠵᠦ ᠭᠠᠯᠠᠭᠤᠲᠣ ᠪᠠᠯᠭᠠᠰᠣᠨ ᠤ ︽ᠬᠤᠨ ᠭᠠᠯᠠᠭᠤ︾ ᠳᠠᠷᠢᠵᠦ ᠳᠡᠵᠢᠬᠡᠬᠦ ᠳᠣᠰᠬᠠᠢ ᠬᠤᠷᠰᠢᠶ᠎ᠠ᠂ ᠰᠡᠪᠬᠦᠯ ᠭᠠᠴᠠᠭᠠᠨ ᠤ ᠭᠤᠯᠢᠷ ᠪᠣᠯᠪᠠᠰᠣᠷᠠᠭᠤᠯᠬᠤ ᠦᠢᠯᠡᠳᠪᠦᠷᠢ᠂ ᠰᠠᠷᠠᠭᠤᠯᠨᠣᠳᠤᠭ ᠨᠠᠷᠢᠨ ᠨᠣᠣᠰᠳᠣ ᠬᠤᠨᠢ ᠶᠢ ᠳᠡᠵᠢᠬᠡᠨ ᠦᠷᠡᠵᠢᠬᠦᠯᠬᠦ ᠬᠤᠷᠰᠢᠶᠠᠵᠢᠯ ᠵᠡᠷᠭᠡ ᠭᠠᠯᠠᠭᠤᠲᠣ ᠪᠠᠯᠭᠠᠰᠣᠨ  ᠤ ᠬᠡᠪᠴᠢᠶᠡᠨ ᠳᠠᠬᠢ 26 ᠮᠠᠯᠴᠢᠨ ᠳᠠᠷᠢᠶᠠᠴᠢᠨ ᠤ ᠳᠣᠰᠬᠠᠢ ᠬᠤᠷᠰᠢᠶᠠᠵᠢᠯ ᠪᠠ ᠮᠠᠯ ᠳᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠬᠤ ᠭᠠᠵᠠᠷ ᠤᠨ ᠵᠠᠭᠤ ᠭᠠᠷᠣᠢ ᠵᠦᠢᠯ ᠤᠨ ᠮᠠᠯ ᠳᠠᠷᠢᠶᠠᠯᠠᠩ ᠤᠨ ᠪᠦᠲᠦᠭᠡᠭᠳᠡᠬᠦᠨ ᠢ ᠳᠡᠯᠬᠡᠨ ᠪᠣᠷᠣᠯᠠᠭᠤᠯᠣᠭᠰᠠᠨ ᠪᠠᠶᠢᠨ᠎ᠠ᠃      ᠠᠵᠢᠯᠯᠠᠭᠠᠨ ᠤ ᠳᠠᠯᠠᠪᠣᠷ ᠲᠤ᠂ ᠳᠦᠷᠭᠡᠨ ᠪᠣᠭᠤᠳᠠᠯᠯᠠᠭᠰᠠᠨ ᠦᠬᠡᠷ ᠬᠤᠨᠢᠨ ᠮᠢᠬ᠎ᠠ᠂ ᠬᠠᠳᠠᠭᠠᠭᠰᠠᠨ ᠪᠣᠷᠴᠠ ᠂ ᠴᠠᠭᠠᠨ ᠢᠳᠡᠭᠡ ᠵᠡᠷᠬᠡ ᠪᠠᠶᠢᠭᠠᠯᠢᠯᠢᠭ ᠨᠣᠳᠤᠭ ᠤᠨ ᠭᠠᠷᠣᠯᠳᠠ ᠨᠢ ᠬᠦᠮᠦᠰ ᠲᠤ ᠳᠠᠭᠠᠯᠠᠭᠳᠠᠵᠦ ᠪᠣᠷᠣᠯᠠᠭᠤᠯᠭ᠎ᠠ ᠰᠠᠶᠢᠳᠠᠢ ᠪᠠᠶᠢᠯ᠎ᠠ᠃ ᠠᠬᠤᠢ ᠳᠠᠯᠠᠪᠣᠷ ᠲᠤ ᠬᠤᠶᠠᠷ ᠬᠡᠮᠵᠢᠯᠲᠦ ᠨᠣᠮᠧᠷ ᠢᠶᠠᠷ ᠣᠷᠢᠳᠴᠢᠯᠠᠨ ᠵᠠᠬᠢᠶᠠᠯᠠᠵᠦ ᠰᠢᠣᠳᠠᠨ  ᠢᠶᠠᠷ ᠶᠠᠪᠣᠭᠤᠯᠬᠤ ᠦᠢᠯᠡᠴᠢᠯᠡᠭᠡ ᠬᠠᠩᠭᠠᠭᠰᠠᠨ ᠨᠢ ᠭᠠᠳᠠᠨ᠎ᠠ ᠣᠷᠣᠨ ᠳᠤ ᠨᠣᠳᠣᠭᠳᠠᠢ ᠠᠭᠤᠷᠬᠠᠢ ᠶᠢᠨ ᠠᠵᠢᠯᠳᠠᠳ  ᠲᠤ ᠳᠦᠬᠦᠮ ᠦᠵᠡᠬᠦᠯᠦᠭᠰᠡᠨ ᠪᠦᠬᠡᠳ ᠨᠣᠳᠤᠭ ᠤᠨ ᠭᠠᠷᠣᠯᠳᠠ ᠶᠢᠨ ᠭᠠᠳᠠᠭᠰᠢ ᠪᠣᠷᠣᠯᠠᠭᠤᠯᠬᠤ ᠵᠠᠮ ᠢ ᠴᠦ ᠦᠷᠭᠡᠳᠬᠡᠭᠰᠡᠨ ᠪᠠᠶᠢᠨ᠎ᠠ᠃ ᠰᠠᠷᠠᠭᠤᠯᠨᠣᠳᠤᠭ ᠨᠠᠷᠢᠨ ᠨᠣᠣᠰᠳᠣ ᠬᠤᠨᠢ ᠶᠢ ᠳᠡᠵᠢᠬᠡᠨ ᠦᠷᠡᠵᠢᠬᠦᠯᠬᠦ ᠬᠤᠷᠰᠢᠶᠠᠵᠢᠯ  ᠨᠢ ᠡᠬᠦᠨ ᠤ ᠳᠣᠳᠣᠷᠠᠬᠢ ᠨᠢᠬᠡ ᠨᠢ ᠪᠠᠶᠢᠵᠦ ᠡᠨᠡ ᠣᠳᠠᠭᠠᠨ ᠤ ᠠᠪᠴᠢᠷᠠᠭᠰᠠᠨ ᠮᠢᠬ᠎ᠠ ᠪᠠᠨ ᠪᠦᠬᠦᠨ ᠢ ᠪᠣᠷᠣᠯᠠᠭᠤᠯᠵᠦ ᠪᠠᠷᠠᠭᠠᠭᠰᠠᠨ ᠪᠦᠬᠡᠳ ᠪᠠᠰᠠ ᠨᠡᠯᠢᠶᠡᠳ ᠵᠠᠬᠢᠶᠠᠯᠭ᠎ᠠ ᠬᠦᠯᠢᠶᠡᠭᠰᠡᠨ ᠪᠠᠶᠢᠵᠠᠢ᠃      ᠳᠣᠰ ᠣᠳᠠᠭᠠᠨ ᠤ ᠳᠡᠯᠬᠡᠨ ᠪᠣᠷᠣᠯᠠᠭᠤᠯᠬᠤ ᠠᠵᠢᠯᠯᠠᠭ᠎ᠠ ᠨᠢ ᠭᠠᠵᠠᠷ ᠣᠷᠣᠨ ᠳᠤ ᠰᠠᠭᠤᠭ᠎ᠠ ᠠᠵᠣ ᠠᠬᠤᠶᠢᠯᠠᠯ ᠪᠠ ᠣᠯᠠᠨ ᠳᠦᠮᠡᠨ ᠤ ᠬᠠᠷᠢᠯᠴᠠᠭ᠎ᠠ ᠶᠠᠪᠣᠯᠴᠠᠭ᠎ᠠ ᠶᠢ ᠣᠯᠠᠮ ᠨᠢᠭᠳᠠᠷᠠᠭᠤᠯᠣᠭᠰᠠᠨ ᠢᠶᠠᠷ ᠪᠠᠷᠠᠬᠤ ᠦᠬᠡᠢ ᠨᠡᠩ ᠴᠦ ᠨᠣᠳᠤᠭ ᠤᠨ ᠭᠠᠷᠣᠯᠳᠠ ᠶᠢ ᠭᠠᠳᠠᠭᠰᠢ ᠣᠬᠠᠭᠤᠯᠣᠨ ᠪᠣᠷᠣᠯᠠᠭᠤᠯᠬᠤ ᠪᠠ ᠦᠨᠳᠦᠰᠦᠳᠡᠨ ᠤ ᠰᠣᠶᠣᠯ ᠢ ᠣᠯᠠᠮ ᠨᠢᠬᠡ ᠠᠯᠬᠤᠮ ᠣᠬᠠᠭᠤᠯᠣᠨ ᠳᠡᠯᠬᠡᠷᠡᠬᠦᠯᠬᠦ ᠬᠦᠴᠦᠳᠡᠢ ᠳᠠᠪᠴᠡᠩ  ᠪᠣᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号