ᠥᠪᠥᠷ ᠮᠣᠩᠭᠤᠯ ᠤᠨ ᠰᠢᠶᠠᠩ ᠰᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠨᠠᠷᠢᠨᠭᠤᠣᠯ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠳᠭᠦᠨ ᠲᠠᠮᠵᠢᠭᠦ ᠬᠠᠨᠳᠢᠪ ᠤᠨ ᠠᠵᠢᠯᠯᠠᠭ᠎ᠠ ᠥᠷᠨᠢᠬᠦᠯᠪᠠ
ᠨᠡᠶᠢᠲᠡᠯᠡᠭᠰᠡᠨ ᠴᠠᠭ᠄
2020-01-09
      ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠰᠢᠶᠠᠩ ᠰᠢᠨ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠬᠢᠵᠠᠭᠠᠷᠲᠤ ᠺᠣᠮᠫᠠᠨᠢ ᠰᠢᠷᠬᠤᠰᠤᠨ ᠪᠠᠯᠭᠠᠰᠤᠨ ᠤ ᠨᠠᠷᠢᠨᠭᠤᠣᠯ ᠲᠣᠰᠬᠤᠨ ᠳᠤ ᠭᠦᠨᠵᠡᠭᠡᠶᠢᠷᠡᠨ ᠬᠠᠮᠲᠤ ᠶᠢᠨ ᠠᠵᠤ ᠠᠬᠤᠢ ᠶᠢ ᠲᠠᠳᠭᠦᠨ ᠲᠠᠮᠵᠢᠭᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠡᠭᠡᠷ᠎ᠡ᠂ ᠥᠪᠥᠷ ᠮᠣᠩᠭᠤᠯ ᠤᠨ ᠰᠢᠶᠠᠩ ᠰᠢᠨ ᠤᠰᠤᠨ ᠠᠰᠢᠭᠯᠠᠯᠲᠠ ᠶᠢᠨ ᠢᠨᠵᠧᠨᠧᠷᠢᠩ   ᠤᠨ ᠬᠢᠵᠠᠭᠠᠷᠲᠤ ᠺᠣᠮᠫᠠᠨᠢ ᠠᠴᠠ ᠨᠠᠷᠢᠨᠭᠤᠣᠯ ᠲᠣᠰᠬᠤᠨ ᠤ 70 ᠭᠠᠷᠤᠶ ᠬᠦᠴᠢᠷᠳᠡᠯᠲᠡᠶ ᠡᠷᠦᠬᠡ ᠳᠤ 6 ᠲᠦᠮᠡᠨ ᠲᠥᠭᠦᠷᠢᠭ ᠤᠨ ᠥᠷᠲᠡᠭ ᠪᠦᠬᠦᠢ ᠡᠪᠦᠯ ᠤᠨ ᠬᠤᠪᠴᠠᠰᠤ᠂ ᠭᠤᠯᠢᠷ ᠵᠡᠷᠭᠡ ᠡᠳ᠋ ᠪᠣᠳᠠᠰ ᠬᠦᠷᠭᠡᠵᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠬᠤᠶᠢᠰᠢᠳᠠ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠡᠳᠡᠭᠡᠷ ᠭᠡᠷ ᠪᠦᠯᠢ ᠶᠢ ᠡᠷᠲᠡᠬᠡᠨ  ᠶᠠᠳᠠᠭᠤ ᠬᠦᠴᠢᠷᠳᠡᠯ ᠠᠴᠠ ᠠᠩᠭᠢᠵᠢᠷᠠᠭᠤᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃      ᠲᠣᠰ ᠣᠳᠠᠭᠠᠨ ᠤ ᠠᠵᠢᠯᠯᠠᠭ᠎ᠠ ᠨᠢ ᠲᠤᠰᠠᠯᠠᠮᠵᠢ ᠬᠦᠷᠲᠡᠭᠰᠡᠨ ᠣᠯᠠᠨ ᠲᠦᠮᠡᠨ ᠳᠤ ᠨᠡᠶᠢᠬᠡᠮ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠢᠴᠡᠳ ᠮᠡᠳᠡᠷᠡᠭᠦᠯᠵᠦ ᠲᠠᠳᠠᠨ ᠤ ᠰᠡᠳᠬᠢᠯ ᠢ ᠳᠤᠯᠠᠭᠠᠴᠠᠭᠤᠯᠵᠠᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号