ᠰᠢ ᠶᠢᠨ ᠫᠢᠩ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠲᠦᠷᠦᠭᠦᠴᠦᠳ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/10/10
   ᠡᠯ᠎ᠡ ᠤᠯᠤᠰ ᠠᠮᠢ ᠠᠬᠤᠶ ᠶᠢᠨ ᠪᠣᠯᠪᠠᠰᠤᠨ ᠢ ᠪᠠᠷᠢᠮᠲᠠᠯᠠᠵᠤ᠂ ᠣᠯᠠᠨ ᠲᠠᠯᠠᠲᠤ ᠦᠵᠡᠯ ᠢ ᠪᠠᠷᠢᠮᠲᠠᠯᠠᠨ᠂ ᠪᠣᠬᠢᠷᠲᠤᠯ ᠦᠭᠡᠶ ᠬᠥᠭᠵᠢᠯᠲᠡ ᠶᠢ ᠪᠠᠲᠤᠯᠠᠵᠤ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢ ᠰᠠᠨᠠᠭᠠᠴᠢᠯᠠᠪᠠ᠃ ᠳᠤᠮᠳᠠᠳᠤ ᠤᠯᠤᠰ ᠬᠥᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠳᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠬᠡᠵᠥ ᠴᠢᠬᠤᠯᠠᠴᠢᠯᠠᠵᠠᠢ    ᠤᠯᠤᠰ ᠤᠨ ᠲᠡᠷᠢᠭᠦᠯᠡᠭᠴᠢ ᠰᠢ ᠶᠢᠨ ᠫᠢᠩ 30 ᠤ ᠡᠳᠦᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠴᠢᠬᠤᠯᠠ ᠶᠠᠷᠢᠶ᠎ᠠ ᠲᠠᠯᠪᠢᠪᠠ᠃    ᠰᠢ ᠶᠢᠨ ᠫᠢᠩ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠲᠠᠰᠢᠷᠠᠮ ᠳᠤ᠂ ᠡᠯ᠎ᠡ ᠤᠯᠤᠰ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠨ᠂ ᠠᠵᠤ ᠠᠬᠤᠶ ᠶᠢᠨ ᠴᠢᠨᠠᠷ ᠰᠠᠶᠢᠲᠠᠶ ᠰᠡᠷᠭᠦᠯᠲᠡ ᠶᠢ ᠠᠬᠢᠭᠤᠯᠵᠤ ᠪᠠᠶᠢᠭ᠎ᠠ ᠣᠨᠴᠠᠭᠠᠶ ᠴᠠᠭ ᠮᠥᠴᠡ ᠳᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠲᠦᠷᠦᠭᠦᠴᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠯᠠᠨ ᠢᠶᠠᠷ ᠢᠶᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠦᠷᠬᠦᠯᠵᠢᠯᠡᠬᠦ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠰᠡᠳᠦᠪ ᠢ ᠬᠠᠮᠳᠤ ᠪᠠᠷ ᠶᠠᠷᠢᠯᠴᠠᠵᠤ ᠪᠠᠶᠢᠭ᠎ᠠ ᠨᠢ ᠪᠤᠳᠠᠳᠠᠢ ᠪᠦᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ ᠬᠡᠵᠥ ᠴᠢᠬᠤᠯᠠᠴᠢᠯᠠᠪᠠ᠃    ᠰᠢ ᠶᠢᠨ ᠫᠢᠩ᠂ ᠣᠳᠣᠬᠠᠨ ᠳᠤ ᠪᠦᠬᠦ ᠪᠥᠮᠪᠥᠷᠴᠡᠭ ᠤᠨ ᠳᠦᠷᠰᠦ ᠶᠢᠨ ᠤᠰᠠᠳᠤᠯ ᠤᠨ ᠬᠤᠷᠳᠤᠴᠠ ᠲᠠᠰᠤᠷᠠᠯᠲᠠ ᠦᠭᠡᠢ ᠲᠦᠷᠭᠡᠰᠴᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢᠶᠠᠨ ᠠᠯᠳᠠᠵᠤ ᠪᠠᠶᠢᠭ᠎ᠠ ᠪᠠ ᠠᠮᠢ ᠠᠬᠤᠶ ᠶᠢᠨ ᠰᠢᠰᠲ᠋ᠧᠮ ᠮᠠᠭᠤᠳᠠᠵᠤ ᠪᠠᠶᠢᠭ᠎ᠠ ᠨᠢ ᠬᠥᠮᠦᠨ ᠲᠥᠷᠥᠯᠬᠢᠲᠡᠨ ᠤ ᠣᠷᠣᠰᠢᠯ ᠲᠣᠭᠲᠠᠨᠢᠯ ᠪᠤᠯᠤᠨ ᠬᠥᠭᠵᠢᠯᠳᠠ ᠳᠤ ᠬᠦᠨᠳᠦ ᠶᠡᠭᠡ ᠠᠶᠤᠯ ᠲᠦᠭᠰᠢᠭᠦᠷᠢ ᠤᠴᠠᠷᠠᠭᠤᠯᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠬᠥᠮᠦᠨ ᠬᠢᠭᠡᠳ ᠪᠠᠶᠢᠭᠠᠯᠢ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠬᠡᠳᠡᠭ ᠢ ᠪᠢᠳᠡᠨ ᠳᠤ ᠬᠡᠯᠡᠵᠥ ᠦᠭᠪᠡ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠠᠷᠤᠢ ᠲᠦᠷᠭᠡᠨ ᠬᠥᠳᠡᠯᠦᠯᠴᠡᠨ᠂ ᠬᠥᠭᠵᠢᠬᠦᠯᠬᠦ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠵᠦ᠂ ᠲᠦᠮᠡᠨ ᠪᠣᠳᠠᠰ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃    ᠰᠢ ᠶᠢᠨ ᠫᠢᠩ ᠡᠭᠦᠨ ᠤ ᠲᠤᠬᠠᠢ 4 ᠲᠠᠯ᠎ᠠ ᠶᠢᠨ ᠰᠠᠨᠠᠭᠤᠯᠭ᠎ᠠ ᠳᠤᠷᠠᠳᠴᠠᠢ᠄    ᠨᠢᠭᠡ ᠳᠤ᠂ ᠠᠮᠢ ᠠᠬᠤᠢ ᠶᠢᠨ ᠪᠣᠯᠪᠠᠰᠤᠨ ᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠰᠠᠭᠤᠷᠢ ᠮᠥᠨ᠃ ᠠᠮᠢ ᠠᠬᠤᠢ ᠬᠦᠭᠵᠢᠨ ᠮᠠᠨᠳᠤᠪᠠᠰᠤ ᠪᠣᠯᠪᠠᠰᠤᠨ ᠬᠦᠭᠵᠢᠨ ᠮᠠᠨᠳᠤᠨ᠎ᠠ᠃ ᠬᠥᠮᠦᠨ ᠲᠥᠷᠥᠯᠬᠢᠲᠡᠨ ᠤ ᠪᠣᠯᠪᠠᠰᠤᠨ ᠳᠤ ᠬᠠᠷᠢᠭᠤᠴᠠᠬᠤ ᠥᠨᠳᠥᠷᠴᠡ ᠠᠴᠠ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠤᠬᠢᠴᠠᠨ᠂ ᠪᠠᠶᠢᠭᠠᠯᠢ ᠶᠢ ᠬᠠᠮᠠᠭᠠᠯᠠᠵᠤ᠂ ᠬᠥᠮᠦᠨ ᠬᠢᠬᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢ ᠬᠠᠶᠢᠨ ᠰᠦᠪᠡᠭᠴᠢᠯᠡᠵᠦ᠂ ᠠᠵᠤ ᠠᠬᠤᠶ ᠶᠢᠨ ᠬᠥᠭᠵᠢᠯᠲᠡ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢᠨ ᠡᠶ᠎ᠡ ᠵᠣᠬᠢᠴᠠᠩᠭᠤᠶ ᠨᠢᠭᠡᠳᠦᠯᠳᠠᠢ ᠪᠠᠶᠢᠬᠤ ᠶᠢ ᠠᠬᠢᠭᠤᠯᠵᠤ᠂ ᠴᠡᠴᠡᠭᠯᠡᠨ ᠬᠥᠭᠵᠢᠭᠰᠡᠨ᠂ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ᠃    ᠬᠤᠶᠠᠷ ᠲᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠬᠠᠮᠳᠤᠷᠠᠯ ᠬᠦᠴᠦᠨ ᠢ ᠨᠢᠭᠲᠠᠷᠠᠭᠤᠯᠤᠨ᠎ᠠ᠃ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠲᠤᠬᠠᠶ ᠨᠡᠶᠢᠲᠡ ᠶᠢᠨ ᠭᠡᠷ᠎ᠡ︾᠂ ︽ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠵᠡᠷᠭᠡ ᠤᠯᠠᠨ ᠤᠯᠤᠰ ᠤᠨ ᠭᠡᠷ᠎ᠡ ᠪᠣᠯ ᠣᠷᠴᠢᠨ ᠲᠤᠭᠤᠷᠢᠨ ᠤ ᠵᠠᠰᠠᠯᠳᠠ ᠲᠠᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠰᠠᠭᠤᠷᠢ ᠮᠥᠨ᠂ ᠪᠠᠰᠠ ᠴᠤ ᠣᠯᠠᠨ ᠲᠠᠯᠠᠳᠤ ᠬᠠᠮᠳᠤᠷᠠᠯᠴᠠᠭᠠᠨ ᠤ ᠴᠢᠬᠤᠯᠠ ᠦᠷ᠎ᠡ ᠪᠦᠲᠦᠭᠡᠯ ᠪᠠᠶᠢᠵᠤ᠂ ᠡᠯ᠎ᠡ ᠲᠠᠯ᠎ᠠ ᠶᠢᠨ ᠬᠢᠨ ᠤ ᠥᠷᠭᠡᠨ ᠳᠡᠮᠵᠢᠯᠭᠡ ᠪᠠ ᠤᠷᠤᠯᠴᠠᠯᠭ᠎ᠠ ᠶᠢ ᠣᠯᠵᠠᠶ᠃ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ ᠡᠯ᠎ᠡ ᠤᠯᠤᠰ ᠪᠣᠯ ᠵᠢᠷᠭᠠᠯ ᠵᠤᠪᠠᠯᠠᠩ ᠨᠢᠭᠡᠳᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠭᠠᠭᠴᠠ ᠲᠠᠯᠠᠲᠤ ᠦᠵᠡᠯ ᠬᠥᠮᠦᠨ ᠤ ᠰᠡᠳᠬᠢᠯ ᠢ ᠣᠯᠬᠤ ᠦᠭᠡᠢ᠂ ᠭᠠᠷ ᠬᠤᠯᠪᠣᠨ ᠬᠠᠮᠲᠤᠷᠠᠵᠤ ᠠᠵᠢᠯᠯᠠᠬᠤ ᠨᠢ ᠰᠠᠶ᠋ᠢ ᠵᠥᠪ ᠵᠠᠮ ᠮᠦᠨ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠭᠰᠠᠨ ᠳᠡᠯᠡᠭᠡᠢ ᠶᠢᠨ ᠰᠢᠰᠲ᠋ᠧᠮ ᠢ ᠡᠷᠡᠰ ᠬᠠᠮᠠᠭᠠᠯᠠᠨ᠂ ᠤᠯᠠᠨ ᠤᠯᠤᠰ ᠤᠨ ᠲᠦᠷᠢᠮ ᠤᠨ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠵᠤ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠶ᠎ᠡ᠃   ᠭᠤᠷᠪᠠ ᠳᠤ᠂ ᠪᠣᠬᠢᠷᠲᠤᠯ ᠥᠬᠡᠶ ᠬᠥᠭᠵᠢᠯᠲᠡ ᠶᠢ ᠪᠠᠲᠤᠯᠠᠵᠤ᠂ ᠬᠢᠵᠢᠭ ᠤᠨ ᠳᠠᠷᠠᠭᠠᠬᠢ ᠴᠠᠭ ᠦᠶ᠎ᠠ ᠶᠢᠨ ᠠᠵᠤ ᠠᠬᠤᠶ ᠶᠢᠨ ᠴᠢᠨᠠᠷ ᠰᠠᠶᠢᠲᠠᠶ ᠰᠡᠷᠭᠦᠭᠡᠯᠳᠡ ᠶᠢᠨ ᠠᠮᠢᠵᠢᠷᠠᠯ ᠤᠨ ᠬᠦᠴᠦᠨ ᠢ ᠪᠤᠶᠢᠵᠢᠭᠤᠯᠤᠨ᠎ᠠ᠃ ᠠᠯᠤᠰ ᠬᠡᠳᠦ ᠶᠢ ᠪᠣᠳᠣᠯᠬᠢᠯᠠᠨ᠂ ᠲᠣᠭᠲᠠᠯ ᠬᠦᠴᠦᠨ ᠢᠶᠠᠨ ᠪᠠᠲᠤᠯᠠᠵᠤ᠂ ᠪᠣᠬᠢᠷᠲᠤᠯ ᠦᠭᠡᠢ᠂ ᠪᠠᠭᠲᠠᠭᠠᠮᠵᠢᠲᠠᠢ᠂ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠬᠤ ᠴᠢᠬᠤᠯᠠᠳᠠᠢ᠃ ᠪᠠᠶᠢᠭᠠᠯᠢ ᠶᠢ ᠬᠠᠮᠠᠭᠠᠯᠠᠬᠤ ᠳᠤᠮᠳᠠ ᠬᠥᠭᠵᠢᠯᠲᠡ ᠶᠢᠨ ᠠᠵᠠ ᠲᠣᠬᠢᠶᠠᠯ ᠢ ᠡᠷᠢᠯᠬᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠤᠶ᠎ᠡ᠃    ᠳᠥᠷᠪᠡ ᠳᠤ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠥᠷᠢᠰᠥᠯᠳᠦᠭᠡᠨ ᠢ ᠠᠷᠭᠠᠴᠠᠭᠠᠬᠤ ᠠᠵᠢᠯᠯᠠᠭᠠᠨ ᠤ ᠴᠢᠳᠠᠪᠤᠷᠢ ᠪᠠᠨ ᠳᠡᠭᠡᠭᠰᠢᠯᠡᠭᠦᠯᠤᠨ᠎ᠠ᠃ ᠬᠥᠭᠵᠢᠭᠰᠡᠨ ᠤᠯᠤᠰ ᠪᠠ ᠬᠥᠭᠵᠢᠵᠦ ᠪᠠᠶᠢᠭ᠎ᠠ ᠤᠯᠤᠰ ᠠᠳᠠᠯᠢ ᠪᠤᠰᠤ ᠬᠥᠭᠵᠢᠯᠲᠡ ᠶᠢᠨ ᠱᠠᠲᠤᠨ ᠳᠤ ᠣᠷᠣᠰᠢᠵᠤ᠂ ᠣᠷᠴᠢᠨ ᠲᠤᠭᠤᠷᠢᠨ ᠤ ᠠᠰᠠᠭᠤᠳᠠᠯ ᠳᠡᠭᠡᠷᠡᠬᠢ ᠲᠡᠤᠬᠡᠨ ᠬᠠᠷᠢᠭᠤᠴᠠᠯᠭ᠎ᠠ ᠪᠠ ᠪᠣᠳᠠᠲᠤ ᠴᠢᠳᠠᠪᠤᠷᠢ ᠨᠢ ᠵᠥᠷᠢᠶ᠎ᠡ ᠲᠠᠢ ᠶᠤᠮ᠃ ᠬᠠᠮᠲᠤ ᠶᠢᠨ ᠪᠣᠯᠪᠠᠴᠤ ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠨ᠂ ᠬᠥᠭᠵᠢᠵᠦ ᠪᠠᠶᠢᠭ᠎ᠠ ᠤᠯᠤᠰ ᠤᠳ ᠤᠨ ᠪᠡᠯᠡ ᠮᠥᠩᠭᠦ᠂ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠭᠠᠰᠢᠷᠠᠯ ᠢ ᠬᠠᠷᠠᠭᠠᠯᠵᠠᠬᠤ ᠴᠢᠬᠤᠯᠠᠳᠠᠢ᠃ ᠠᠮᠠᠯᠠᠯᠲᠠ ᠪᠠᠨ ᠦᠨᠡᠨ ᠬᠦ ᠦᠢᠯᠡᠳᠦᠯᠭᠡᠵᠢᠭᠦᠯᠵᠦ᠂ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠶ᠎ᠡ ᠬᠡᠪᠡ᠃    ᠰᠢ ᠶᠢᠨ ᠫᠢᠩ᠂ ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢᠶᠠᠷ ᠬᠥᠭᠵᠢᠯᠲᠡ ᠪᠠᠨ ᠵᠢᠯᠣᠭᠤᠳᠤᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠷᠴᠢᠮᠳᠠᠢ ᠲᠦᠷᠦ ᠶᠢᠨ ᠪᠤᠳᠤᠯᠭ᠎ᠠ ᠶᠢᠨ ᠠᠵᠢᠯᠯᠠᠭ᠎ᠠ ᠠᠪᠤᠭᠰᠠᠨ ᠪᠠᠶᠢᠨ᠎ᠠ᠃ ᠥᠩᠭᠡᠷᠡᠭᠰᠡᠨ 10 ᠵᠢᠯ ᠳᠤ ᠤᠢ ᠰᠢᠭᠤᠢ ᠶᠢᠨ ᠡᠬᠢ ᠪᠠᠶᠠᠯᠢᠭ ᠤᠨ ᠲᠠᠯᠠᠪᠠᠢ 7000 ᠭᠠᠷᠤᠢ ᠲᠦᠮᠡᠨ ᠾᠧᠺᠲ᠋ᠠᠷ ᠨᠡᠮᠡᠭᠳᠡᠵᠦ᠂ ᠪᠦᠬᠦ ᠪᠥᠮᠪᠥᠷᠴᠡᠭ ᠤᠨ ᠲᠡᠷᠢᠭᠦᠨ ᠳᠤ ᠣᠷᠣᠪᠠ᠃ ᠡᠯᠡᠰᠦᠷᠬᠡᠭᠵᠢᠯ ᠴᠦᠯᠯᠡᠷᠭᠡᠭᠵᠢᠯ ᠢ ᠤᠷᠲᠤ ᠬᠤᠭᠤᠴᠠᠭ᠎ᠠ ᠪᠠᠷ ᠶᠡᠭᠡ ᠬᠡᠪᠴᠢᠶ᠎ᠡ ᠪᠠᠷ ᠵᠠᠰᠠᠵᠤ᠂ ᠨᠤᠭᠤ ᠭᠠᠵᠠᠷ ᠢ ᠪᠦᠲᠦᠮᠵᠢᠲᠡᠶ ᠬᠠᠮᠠᠭᠠᠯᠠᠨ ᠰᠡᠷᠭᠦᠭᠡᠵᠦ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠴᠤᠭᠯᠠᠭᠤᠯᠵᠤ ᠬᠠᠳᠠᠭᠠᠯᠠᠭᠰᠠᠨ ᠬᠡᠮᠵᠢᠶ᠎ᠡ ᠪᠠᠷ ᠳᠡᠯᠡᠬᠡᠶ ᠶᠢᠨ ᠡᠮᠦᠨ᠎ᠡ ᠡᠩᠨᠡᠭᠡᠨ ᠳᠤ ᠤᠷᠤᠵᠠᠢ᠃ 90% ᠶᠢᠨ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠲᠥᠷᠥᠯ ᠬᠡᠯᠪᠡᠷᠢ ᠪᠤᠯᠤᠨ 85% ᠶᠢᠨ ᠭᠤᠤᠯᠳᠠᠯᠭ᠎ᠠ ᠲᠠᠢ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠪᠦᠲᠦᠮᠵᠢᠲᠡᠶ ᠬᠠᠮᠠᠭᠠᠯᠠᠯᠳᠠ ᠪᠠᠨ ᠤᠯᠪᠠ᠃ ᠳᠤᠮᠳᠠᠳᠤ ᠤᠯᠤᠰ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ ᠣᠷᠣᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠣᠷᠴᠢᠨ ᠲᠤᠭᠤᠷᠢᠨ ᠲᠠᠢ ᠬᠤᠯᠪᠤᠭᠳᠠᠭᠰᠠᠨ ᠭᠡᠷ᠎ᠡ ᠶᠢᠨ ᠡᠭᠦᠷᠭᠡ ᠪᠠᠨ ᠦᠨᠡᠨ ᠬᠦ ᠭᠦᠢᠴᠡᠳᠬᠡᠵᠦ᠂ 2020 ᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠬᠤᠯᠪᠣᠭᠳᠠᠯ ᠪᠦᠬᠦᠢ ᠬᠠᠷᠠᠯᠲᠠ ᠪᠠᠨ ᠨᠢᠭᠡᠨᠲᠡ ᠤᠷᠢᠳᠴᠢᠯᠠᠨ ᠪᠡᠶᠡᠯᠡᠭᠦᠯᠪᠡ᠃ ᠳᠤᠮᠳᠠᠳᠤ ᠤᠯᠤᠰ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠳᠤᠷᠠᠳᠠᠶ᠎ᠠ ᠳᠤᠮᠳᠠᠳᠤ ᠤᠯᠤᠰ ᠤᠨ ᠬᠥᠭᠵᠢᠯᠲᠡ ᠶᠢᠨ ᠲᠦᠪᠰᠢᠨ ᠲᠠᠢ ᠪᠠᠨ ᠵᠣᠬᠢᠴᠠᠭᠰᠠᠨ ᠣᠯᠠᠨ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠨ᠂ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠡᠷᠴᠢᠮ ᠢᠶᠠᠨ ᠳᠡᠭᠡᠭᠰᠢᠯᠡᠭᠦᠯᠵᠤ᠂ ᠨᠠᠩ ᠬᠦᠴᠦᠲᠡᠶ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠤᠷᠬᠢᠯ ᠤᠨ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠨ᠂ 2060 ᠤᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠲᠤ ᠲᠣᠭᠲᠠᠭᠠᠭᠰᠠᠨ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠴᠢᠷᠮᠠᠶᠢᠯᠭ᠎ᠠ ᠪᠠ ᠬᠤᠪᠢ ᠨᠡᠮᠡᠷᠢ ᠦᠵᠡᠭᠦᠯᠦᠨ᠎ᠠ ᠬᠡᠵᠤ ᠴᠢᠬᠤᠯᠠᠴᠢᠯᠠᠪᠠ᠃    ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠢᠷᠡᠬᠦ ᠵᠢᠯ ᠺᠦᠨᠮᠢᠩ ᠳᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠳᠦ ᠤᠯᠤᠰ ᠤᠨ ᠶᠡᠭᠡ ᠬᠤᠷᠠᠯ ᠢ ᠬᠤᠷᠠᠯᠳᠤᠭᠤᠯᠤᠨ᠎ᠠ᠂ ᠤᠯᠠᠨ ᠢᠶᠠᠷ ᠢᠶᠠᠨ ᠢᠷᠡᠬᠦ ᠵᠢᠯ ᠳᠤ ᠺᠦᠨᠮᠢᠩ ᠳᠤ ᠴᠤᠭᠯᠠᠷᠠᠵᠤ᠂ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠬᠦ ᠶᠢ ᠪᠢ ᠪᠠᠶᠠᠷᠯᠠᠨ ᠤᠭᠳᠤᠵᠤ ᠪᠠᠶᠢᠨ᠎ᠠ᠃ ᠪᠢᠳᠡ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠭᠠᠷᠤᠭ᠎ᠠ ᠪᠤᠯᠭᠠᠨ ᠭᠠᠷ ᠬᠤᠯᠪᠣᠯᠴᠠᠨ ᠠᠶᠠᠨ ᠳᠠᠭᠠᠨ ᠮᠣᠷᠳᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠲᠦᠮᠡᠨ ᠪᠣᠳᠠᠰ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ ᠭᠡᠵᠤ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号