ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠲᠦᠷᠦᠬᠦᠴᠤᠳ ᠤᠨ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2020/10/10
   ︵2020 ᠣᠨ ᠤ 9 ᠰᠠᠷ᠎ᠠ ᠶᠢᠨ 30 ᠤ ᠡᠳᠦᠷ᠂ ᠪᠡᠭᠡᠵᠢᠩ ᠳᠤ︶    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ    ᠲᠡᠷᠢᠭᠦᠯᠡᠭᠴᠢ ᠠᠪᠤᠭᠠᠢ᠂ ᠬᠠᠮᠳᠤ ᠠᠵᠢᠯᠯᠠᠭᠰᠠᠳ ᠡ᠄    ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠲᠠᠰᠢᠷᠠᠮ ᠳᠤ᠂ ᠡᠯ᠎ᠡ ᠤᠯᠤᠰ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠨ᠂ ᠠᠵᠤ ᠠᠬᠤᠶ ᠶᠢᠨ ᠴᠢᠨᠠᠷ ᠰᠠᠶᠢᠲᠠᠶ ᠰᠡᠷᠭᠦᠯᠲᠡ ᠶᠢ ᠠᠬᠢᠭᠤᠯᠵᠤ ᠪᠠᠶᠢᠭ᠎ᠠ ᠣᠨᠴᠠᠭᠠᠶ ᠴᠠᠭ ᠮᠥᠴᠡ ᠳᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠲᠦᠷᠦᠭᠦᠴᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠯᠠᠨ ᠢᠶᠠᠷ ᠢᠶᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠦᠷᠬᠦᠯᠵᠢᠯᠡᠬᠦ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠰᠡᠳᠦᠪ ᠢ ᠬᠠᠮᠳᠤ ᠪᠠᠷ ᠶᠠᠷᠢᠯᠴᠠᠵᠤ ᠪᠠᠶᠢᠭ᠎ᠠ ᠨᠢ ᠠᠬᠤᠢᠢᠴᠢ ᠪᠦᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃    ᠳᠤᠮᠳᠠᠳᠤ ᠤᠯᠤᠰ ᠢᠷᠡᠬᠦ ᠵᠢᠯ ᠺᠦᠨᠮᠢᠩ ᠳᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠳᠦ ᠤᠯᠤᠰ ᠤᠨ ᠶᠡᠭᠡ ᠬᠤᠷᠠᠯ ᠢ ᠬᠤᠷᠠᠯᠳᠤᠭᠤᠯᠵᠤ᠂ ᠡᠯ᠎ᠠ ᠲᠠᠯ᠎ᠠ ᠶᠢᠨ ᠬᠢᠨ ᠲᠠᠢ ᠬᠠᠮᠳᠤ ᠪᠠᠷ ᠪᠦᠬᠦ ᠪᠦᠮᠪᠦᠷᠴᠡᠭ ᠤᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠵᠠᠰᠠᠯᠳᠠ ᠶᠢᠨ ᠰᠢᠨ᠎ᠠ ᠪᠠᠶᠢᠯᠳᠤᠬᠤ ᠪᠤᠳᠤᠯᠭ᠎ᠠ ᠶᠢ ᠬᠠᠮᠳᠤ ᠪᠠᠷ ᠵᠦᠪᠳᠡᠬᠦ ᠪᠤᠯᠤᠨ᠎ᠠ᠃    ᠣᠳᠣᠬᠠᠨ ᠳᠤ ᠪᠦᠬᠦ ᠪᠥᠮᠪᠥᠷᠴᠡᠭ ᠤᠨ ᠲᠥᠷᠰᠥ ᠶᠢᠨ ᠤᠰᠠᠳᠤᠯ ᠤᠨ ᠬᠤᠷᠳᠤᠴᠠ ᠲᠠᠰᠤᠷᠠᠯᠲᠠ ᠦᠭᠡᠢ ᠲᠦᠷᠭᠡᠰᠴᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢᠶᠠᠨ ᠠᠯᠳᠠᠵᠤ ᠪᠠᠶᠢᠭ᠎ᠠ ᠪᠠ ᠠᠮᠢ ᠠᠬᠤᠶ ᠶᠢᠨ ᠰᠢᠰᠲ᠋ᠧᠮ ᠮᠠᠭᠤᠳᠠᠵᠤ ᠪᠠᠶᠢᠭ᠎ᠠ ᠨᠢ ᠬᠥᠮᠦᠨ ᠲᠥᠷᠥᠯᠬᠢᠲᠡᠨ ᠤ ᠣᠷᠣᠰᠢᠯ ᠲᠣᠭᠲᠠᠨᠢᠯ ᠪᠤᠯᠤᠨ ᠬᠥᠭᠵᠢᠯᠳᠠ ᠳᠤ ᠬᠦᠨᠳᠦ ᠶᠡᠭᠡ ᠠᠶᠤᠯ ᠲᠦᠭᠰᠢᠭᠦᠷᠢ ᠤᠴᠠᠷᠠᠭᠤᠯᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠬᠥᠮᠦᠨ ᠬᠢᠭᠡᠳ ᠪᠠᠶᠢᠭᠠᠯᠢ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠬᠡᠳᠡᠭ ᠢ ᠪᠢᠳᠡᠨ ᠳᠤ ᠬᠡᠯᠡᠵᠥ ᠦᠭᠪᠡ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠠᠷᠤᠢ ᠲᠦᠷᠭᠡᠨ ᠬᠥᠳᠡᠯᠦᠯᠴᠡᠨ᠂ ᠬᠥᠭᠵᠢᠬᠦᠯᠬᠦ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠵᠦ᠂ ᠲᠦᠮᠡᠨ ᠪᠣᠳᠠᠰ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠳᠡᠢ᠃ ᠮᠢᠨᠤ ᠲᠤᠷᠠᠳᠬᠤ ᠰᠠᠨᠠᠭᠤᠯᠭ᠎ᠠ ᠭᠡᠪᠡᠯ᠄    ᠨᠢᠭᠡ ᠳᠤ᠂ ᠠᠮᠢ ᠠᠬᠤᠢ ᠶᠢᠨ ᠪᠣᠯᠪᠠᠰᠤᠨ ᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠨᠢ ᠬᠦᠮᠦᠨ ᠲᠦᠷᠦᠯᠬᠢᠳᠡᠨ ᠤ ᠪᠤᠶᠠᠨ ᠵᠢᠷᠭᠠᠯ ᠳᠤ ᠬᠤᠯᠪᠤᠭᠳᠠᠵᠦ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠰᠠᠭᠤᠷᠢ ᠮᠥᠨ᠃ ᠠᠵᠤ ᠦᠢᠯᠡᠳᠪᠤᠷᠢ ᠶᠢᠨ ᠪᠤᠯᠪᠠᠰᠤᠨ ᠨᠢ ᠯᠤᠳᠤ ᠶᠡᠭᠡ ᠡᠳ᠋ ᠬᠦᠷᠦᠩᠭᠡ ᠶᠢ ᠡᠬᠦᠳᠦᠭᠰᠡᠨ ᠪᠤᠯᠪᠠᠴᠦ ᠪᠠᠰᠠ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠠᠯᠳᠠᠬᠳᠠᠭᠤᠯᠬᠤ ᠪᠠ ᠤᠷᠴᠢᠨ ᠲᠤᠭᠤᠷᠢᠨ ᠢ ᠡᠪᠳᠡᠬᠦ ᠠᠮᠢ ᠠᠬᠤᠢ ᠶᠢᠨ ᠬᠢᠮᠤᠷᠠᠯ ᠢ ᠠᠪᠴᠢᠷᠠᠵᠠᠢ᠃ ᠠᠮᠢ ᠠᠬᠤᠢ ᠬᠦᠭᠵᠢᠨ ᠮᠠᠨᠳᠤᠪᠠᠰᠤ ᠪᠣᠯᠪᠠᠰᠤᠨ ᠬᠦᠭᠵᠢᠨ ᠮᠠᠨᠳᠤᠨ᠎ᠠ᠃ ᠪᠢᠳᠠ ᠬᠥᠮᠦᠨ ᠲᠥᠷᠥᠯᠬᠢᠲᠡᠨ ᠤ ᠪᠣᠯᠪᠠᠰᠤᠨ ᠳᠤ ᠬᠠᠷᠢᠭᠤᠴᠠᠬᠤ ᠥᠨᠳᠥᠷᠴᠡ ᠠᠴᠠ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠤᠬᠢᠴᠠᠨ᠂ ᠪᠠᠶᠢᠭᠠᠯᠢ ᠶᠢ ᠬᠠᠮᠠᠭᠠᠯᠠᠵᠤ᠂ ᠬᠥᠮᠦᠨ ᠬᠢᠬᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢ ᠬᠠᠶᠢᠨ ᠰᠦᠪᠡᠭᠴᠢᠯᠡᠵᠦ᠂ ᠠᠵᠤ ᠠᠬᠤᠶ ᠶᠢᠨ ᠬᠥᠭᠵᠢᠯᠲᠡ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢᠨ ᠵᠣᠬᠢᠴᠠᠩᠭᠤᠶ ᠨᠢᠭᠡᠳᠦᠯᠳᠠᠢ ᠪᠠᠶᠢᠬᠤ ᠶᠢ ᠠᠬᠢᠭᠤᠯᠵᠤ᠂ ᠴᠡᠴᠡᠭᠯᠡᠨ ᠬᠥᠭᠵᠢᠭᠰᠡᠨ᠂ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ᠃    ᠬᠤᠶᠠᠷ ᠲᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠬᠠᠮᠳᠤᠷᠠᠯ ᠬᠦᠴᠦᠨ ᠢ ᠨᠢᠭᠲᠠᠷᠠᠭᠤᠯᠤᠨ᠎ᠠ᠃ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠪᠠᠶᠢᠭᠤᠯᠤᠭᠳᠠᠭᠰᠠᠨ ᠠᠴᠠ ᠨᠠᠭᠠᠰᠢ᠂ ᠳᠡᠯᠡᠭᠡᠢ ᠨᠡᠶᠢᠭᠡᠮ ᠢᠶᠠᠷ ᠢᠶᠠᠨ ᠪᠦᠬᠦ ᠪᠦᠮᠪᠦᠷᠴᠡᠭ ᠤᠨ ᠤᠷᠴᠢᠨ ᠲᠤᠭᠤᠷᠢᠨ ᠤ ᠵᠠᠰᠠᠯᠳᠠ ᠶᠢ ᠢᠳᠡᠪᠬᠢᠳᠠᠢ ᠠᠬᠢᠭᠤᠯᠪᠠ᠃ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ ︾᠂ ︽ᠠᠭᠤᠷ ᠠᠮᠢᠰᠬᠤᠯ ᠤᠨ ᠬᠤᠪᠢᠷᠠᠯᠲᠠ ᠶᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠵᠡᠷᠭᠡ ᠤᠯᠠᠨ ᠤᠯᠤᠰ ᠤᠨ ᠭᠡᠷ᠎ᠡ ᠪᠣᠯ ᠣᠷᠴᠢᠨ ᠲᠤᠭᠤᠷᠢᠨ ᠤ ᠵᠠᠰᠠᠯᠳᠠ ᠲᠠᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠰᠠᠭᠤᠷᠢ ᠮᠥᠨ᠂ ᠪᠠᠰᠠ ᠴᠤ ᠣᠯᠠᠨ ᠲᠠᠯᠠᠳᠤ ᠬᠠᠮᠳᠤᠷᠠᠯᠴᠠᠭᠠᠨ ᠤ ᠴᠢᠬᠤᠯᠠ ᠦᠷ᠎ᠡ ᠪᠦᠲᠦᠭᠡᠯ ᠪᠠᠶᠢᠵᠤ᠂ ᠡᠯ᠎ᠡ ᠲᠠᠯ᠎ᠠ ᠶᠢᠨ ᠬᠢᠨ ᠤ ᠥᠷᠭᠡᠨ ᠳᠡᠮᠵᠢᠯᠭᠡ ᠪᠠ ᠤᠷᠤᠯᠴᠠᠯᠭ᠎ᠠ ᠶᠢ ᠣᠯᠵᠠᠶ᠃ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ ᠡᠯ᠎ᠡ ᠤᠯᠤᠰ ᠪᠣᠯ ᠵᠢᠷᠭᠠᠯ ᠵᠤᠪᠠᠯᠠᠩ ᠨᠢᠭᠡᠳᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠭᠠᠭᠴᠠ ᠲᠠᠯᠠᠲᠤ ᠦᠵᠡᠯ ᠬᠥᠮᠦᠨ ᠤ ᠰᠡᠳᠬᠢᠯ ᠢ ᠣᠯᠬᠤ ᠦᠭᠡᠢ᠂ ᠭᠠᠷ ᠬᠤᠯᠪᠣᠨ ᠬᠠᠮᠲᠤᠷᠠᠨ ᠠᠵᠢᠯᠯᠠᠬᠤ ᠨᠢ ᠰᠠᠶ᠋ᠢ ᠵᠥᠪ ᠵᠠᠮ ᠮᠦᠨ᠃ ᠪᠢᠳᠡ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠭᠰᠠᠨ ᠳᠡᠯᠡᠭᠡᠢ ᠶᠢᠨ ᠰᠢᠰᠲ᠋ᠧᠮ ᠢ ᠡᠷᠡᠰ ᠬᠠᠮᠠᠭᠠᠯᠠᠨ᠂ ᠤᠯᠠᠨ ᠤᠯᠤᠰ ᠤᠨ ᠲᠦᠷᠢᠮ ᠤᠨ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠵᠤ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠶ᠎ᠡ᠃    ᠭᠤᠷᠪᠠ ᠳᠤ᠂ ᠪᠣᠬᠢᠷᠲᠤᠯ ᠥᠬᠡᠶ ᠬᠥᠭᠵᠢᠯᠲᠡ ᠶᠢ ᠪᠠᠲᠤᠯᠠᠵᠤ᠂ ᠬᠢᠵᠢᠭ ᠤᠨ ᠳᠠᠷᠠᠭᠠᠬᠢ ᠴᠠᠭ ᠦᠶ᠎ᠠ ᠶᠢᠨ ᠠᠵᠤ ᠠᠬᠤᠶ ᠶᠢᠨ ᠴᠢᠨᠠᠷ ᠰᠠᠶᠢᠲᠠᠶ ᠰᠡᠷᠭᠦᠭᠡᠯᠳᠡ ᠶᠢᠨ ᠠᠮᠢᠵᠢᠷᠠᠯ ᠤᠨ ᠬᠦᠴᠦᠨ ᠢ ᠪᠤᠶᠢᠵᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠪᠦᠬᠦ ᠪᠦᠮᠪᠦᠷᠴᠡᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠦᠬᠦ ᠲᠠᠯ᠎ᠠ ᠶᠢᠨ ᠲᠠᠭᠠᠷᠢᠯᠲᠠ ᠪᠤᠯᠤᠭᠰᠠᠠ ᠪᠠᠶᠢᠨ᠎ᠠ᠂ ᠪᠢᠲᠠ ᠠᠯᠤᠰ ᠬᠡᠳᠦ ᠶᠢ ᠪᠣᠳᠣᠯᠬᠢᠯᠠᠨ᠂ ᠲᠣᠭᠲᠠᠯ ᠬᠦᠴᠦᠨ ᠢᠶᠠᠨ ᠪᠠᠲᠤᠯᠠᠵᠤ᠂ ᠪᠣᠬᠢᠷᠲᠤᠯ ᠦᠭᠡᠢ᠂ ᠪᠠᠭᠲᠠᠭᠠᠮᠵᠢᠲᠠᠢ᠂ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠬᠤ ᠴᠢᠬᠤᠯᠠᠳᠠᠢ᠃ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠨᠡᠶᠢᠳᠡᠯᠡᠭᠰᠡᠨ ︽2030 ᠤᠨ ᠤ ᠦᠷᠬᠦᠯᠵᠢᠯᠡᠬᠦ ᠬᠦᠭᠵᠢᠯᠳᠠ ᠶᠢᠨ ᠵᠦᠪᠯᠡᠬᠦ ᠵᠦᠢᠯ︾ ᠨᠢ ᠡᠯ᠎ᠡ ᠤᠯᠤᠰ ᠤᠨ ᠬᠦᠭᠵᠢᠯᠳᠠ ᠳᠤ ᠴᠢᠭᠯᠡᠯ ᠢ ᠲᠤᠳᠤᠷᠬᠠᠢ ᠵᠢᠭᠠᠵᠤ ᠦᠭᠴᠡᠢ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠪᠤᠯ ᠦᠷᠬᠦᠯᠵᠢᠯᠡᠬᠦ ᠬᠦᠭᠵᠢᠯᠳᠠ ᠶᠢᠨ ᠰᠠᠭᠤᠷᠢ ᠪᠤᠯᠬᠤ ᠪᠦᠭᠡᠳ ᠪᠠᠰᠠ ᠬᠠᠷᠠᠯᠳᠠ ᠪᠠ ᠠᠷᠭ᠎ᠠ ᠪᠠᠷᠢᠯ ᠪᠤᠯᠤᠨ᠎ᠡ᠃ ᠪᠢᠲᠠ ᠪᠠᠶᠢᠭᠠᠯᠢ ᠶᠢᠨ ᠵᠢᠮ᠎ᠡ ᠶᠤᠰᠦ ᠪᠠᠷ ᠲᠦᠮᠡᠨ ᠪᠤᠳᠠᠰ ᠢ ᠲᠦᠯᠵᠢᠬᠦᠯᠵᠤ᠂ ᠪᠠᠶᠢᠭᠠᠯᠢ ᠶᠢ ᠬᠠᠮᠠᠭᠠᠯᠠᠬᠤ ᠳᠤᠮᠳᠠ ᠬᠥᠭᠵᠢᠯᠲᠡ ᠶᠢᠨ ᠠᠵᠠ ᠲᠣᠬᠢᠶᠠᠯ ᠢ ᠡᠷᠢᠯᠬᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠤᠶ᠎ᠡ᠃    ᠳᠥᠷᠪᠡ ᠳᠤ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠥᠷᠢᠰᠥᠯᠳᠦᠭᠡᠨ ᠢ ᠠᠷᠭᠠᠴᠠᠭᠠᠬᠤ ᠠᠵᠢᠯᠯᠠᠭᠠᠨ ᠤ ᠴᠢᠳᠠᠪᠤᠷᠢ ᠪᠠᠨ ᠳᠡᠭᠡᠭᠰᠢᠯᠡᠭᠦᠯᠤᠨ᠎ᠠ᠃ ᠬᠥᠭᠵᠢᠭᠰᠡᠨ ᠤᠯᠤᠰ ᠪᠠ ᠬᠥᠭᠵᠢᠵᠦ ᠪᠠᠶᠢᠭ᠎ᠠ ᠤᠯᠤᠰ ᠠᠳᠠᠯᠢ ᠪᠤᠰᠤ ᠬᠥᠭᠵᠢᠯᠲᠡ ᠶᠢᠨ ᠱᠠᠲᠤᠨ ᠳᠤ ᠣᠷᠣᠰᠢᠵᠤ ᠪᠠᠶᠢᠭ᠎ᠠ ᠪᠤᠯᠬᠤᠷ᠂ ᠣᠷᠴᠢᠨ ᠲᠤᠭᠤᠷᠢᠨ ᠤ ᠠᠰᠠᠭᠤᠳᠠᠯ ᠳᠡᠭᠡᠷᠡᠬᠢ ᠲᠡᠤᠬᠡᠨ ᠬᠠᠷᠢᠭᠤᠴᠠᠯᠭ᠎ᠠ ᠪᠠ ᠪᠣᠳᠠᠲᠤ ᠴᠢᠳᠠᠪᠤᠷᠢ ᠨᠢ ᠵᠥᠷᠢᠶ᠎ᠡ ᠲᠠᠢ ᠶᠤᠮ᠃ ᠪᠢᠳᠠ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠨ᠂ ᠠᠰᠢᠭ ᠬᠦᠷᠲᠡᠬᠦ ᠶᠢ ᠡᠷᠬᠡ ᠲᠡᠭᠰᠢ ᠲᠦᠪ ᠭᠤᠤᠯᠴᠢ ᠪᠠᠷ ᠬᠤᠪᠢᠶᠠᠨ ᠡᠳ᠋ᠯᠡᠬᠦ ᠶᠢ ᠪᠠᠷᠢᠮᠲᠠᠯᠠᠨ᠂ ᠬᠥᠭᠵᠢᠵᠦ ᠪᠠᠶᠢᠭ᠎ᠠ ᠤᠯᠤᠰ ᠤᠳ ᠤᠨ ᠪᠡᠯᠡ ᠮᠥᠩᠭᠦ᠂ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠭᠠᠰᠢᠷᠠᠯ ᠢ ᠬᠠᠷᠠᠭᠠᠯᠵᠠᠬᠤ ᠴᠢᠬᠤᠯᠠᠳᠠᠢ᠃ ᠪᠢᠳᠠ ᠠᠮᠠᠯᠠᠯᠲᠠ ᠪᠠᠨ ᠦᠨᠡᠨ ᠬᠦ  ᠦᠢᠯᠡᠳᠦᠯᠭᠡᠵᠢᠬᠦᠯᠵᠤ᠂ ᠬᠠᠷᠠᠯᠳᠠ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠠᠯᠳᠠᠭᠳᠠᠵᠦ ᠪᠠᠶᠢᠭ᠎ᠠ ᠪᠠᠶᠢᠳᠠᠯ ᠢ ᠪᠦᠳᠦᠮᠵᠢᠳᠠᠢ ᠬᠤᠪᠢᠷᠠᠭᠤᠯᠵᠤ᠂ ᠲᠡᠯᠡᠭᠡᠢ ᠶᠢᠨ ᠪᠦᠮᠪᠦᠷᠴᠡᠭ ᠤᠨ ᠭᠡᠷ ᠤᠷᠤᠨ ᠢᠶᠠᠨ ᠬᠠᠮᠳᠤ ᠪᠠᠷ ᠰᠠᠬᠢᠨ ᠬᠠᠮᠠᠭᠠᠯᠠᠶ᠎ᠡ᠃    ᠲᠡᠷᠢᠬᠦᠯᠡᠭᠴᠢ ᠠᠪᠤᠭᠠᠢ ᠡ︕    ︽ᠠᠮᠢ ᠠᠬᠤᠢ ᠶᠢᠨ ᠪᠤᠯᠪᠠᠰᠤᠨ᠄ ᠲᠠᠯᠠᠭᠡᠢ ᠶᠢᠨ ᠪᠦᠮᠪᠦᠷᠴᠡᠭ ᠤᠨ ᠠᠮᠢ ᠨᠠᠰᠤᠨ ᠤ ᠬᠠᠮᠳᠤ ᠶᠢᠨ ᠴᠤᠬᠴᠠ ᠶᠢ ᠬᠠᠮᠳᠤ ᠪᠠᠷ ᠪᠠᠶᠢᠭᠤᠯᠬᠤ︾ ᠪᠤᠯ ᠢᠷᠡᠬᠦ ᠵᠢᠯ ᠤᠨ ᠺᠦᠨᠮᠢᠩ ᠤᠨ ᠶᠡᠭᠡ ᠬᠤᠷᠠᠯ ᠤᠨ ᠭᠤᠤᠯ ᠰᠡᠳᠦᠪ ᠪᠤᠯᠬᠤ ᠪᠦᠭᠡᠳ ᠪᠠᠰᠠ ᠬᠦᠮᠦᠨ ᠲᠦᠷᠦᠯᠬᠢᠳᠠᠨ ᠤ ᠢᠷᠡᠭᠡᠳᠤᠢ ᠶᠢᠨ ᠲᠤᠬᠠᠢ ᠰᠠᠶᠢᠨ ᠰᠠᠶᠢᠬᠠᠨ ᠬᠦᠰᠡᠯ ᠵᠦᠡᠭᠨᠡᠯ ᠪᠤᠯᠤᠨ᠎ᠡ᠃ ᠺᠦᠨᠮᠢᠩ ᠤᠨ ᠶᠡᠭᠡ ᠬᠤᠷᠠᠯ ᠤᠨ ᠲᠡᠷᠢᠬᠦᠯᠡᠭᠴᠢ ᠤᠯᠤᠰ ᠪᠤᠯᠤᠬᠰᠡᠨ ᠤ ᠬᠤᠪᠢ ᠳᠤ᠂ ᠲᠤᠮᠳᠠᠳᠤ ᠤᠯᠤᠰ ᠲᠤᠷᠠᠳᠠᠶ᠎ᠡ ᠡᠯ᠎ᠡ ᠲᠠᠯ᠎ᠡ ᠶᠢᠨ ᠬᠢᠨ ᠲᠠᠢ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠵᠠᠰᠠᠯᠳᠠ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠪᠠᠨ ᠬᠤᠪᠢᠶᠠᠯᠴᠠᠨ᠎ᠡ᠃    — ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢᠶᠠᠷ ᠬᠥᠭᠵᠢᠯᠲᠡ ᠪᠠᠨ ᠵᠢᠯᠣᠭᠤᠳᠤᠨ᠎ᠡ᠃ ᠲᠦᠮᠡᠨ ᠪᠤᠲᠠᠰ ᠪᠦᠷ ᠦᠪᠡᠷ ᠤᠨ ᠢᠶᠠᠨ ᠬᠦᠭᠵᠢᠯ ᠤᠨ ᠵᠢᠮ᠎ᠠ ᠶᠤᠰᠤ ᠲᠠᠢ᠂ ᠲᠡᠭᠷᠢ ᠶᠢᠨ ᠲᠤᠤᠷᠠᠬᠢ ᠬᠦᠮᠦᠨ ᠬᠢᠭᠡᠳ ᠲᠦᠮᠡᠨ ᠪᠤᠲᠠᠰ ᠪᠤᠯ ᠨᠢᠭᠡ ᠴᠤᠭᠴᠠ ᠶᠤᠮ ᠭᠡᠳᠡᠭ ᠲᠤᠮᠳᠠᠳᠤ ᠶᠢᠨ ᠤᠯᠠᠮᠵᠢᠯᠠᠯᠳᠤ ᠤᠶᠤᠨ ᠤᠬᠠᠭᠠᠨ ᠠᠴᠠ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠤ᠂ ᠬᠠᠮᠳᠤ ᠪᠠᠷ ᠡᠳ᠋ᠯᠡᠬᠦ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠬᠦᠷᠳᠡᠯ᠎ᠡ᠂ ᠲᠤᠮᠳᠠᠳᠤ ᠤᠯᠤᠰ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠤᠪᠤᠶᠢᠮ᠎ᠡ ᠪᠠᠶᠢᠷᠢᠨ ᠳᠤ ᠲᠠᠯᠪᠢᠵᠤ᠂ ᠲᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠡ ᠲᠠᠯ᠎ᠡ ᠪᠠ ᠪᠦᠬᠦ ᠶᠠᠪᠤᠴᠠ ᠳᠤ ᠠᠭᠤᠰᠤᠯᠴᠠᠭᠤᠯᠵᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤ ᠪᠠᠷ ᠤᠷᠤᠰᠢᠬᠤ ᠤᠳᠤᠬᠢᠴᠢᠯᠠᠯᠳᠠ ᠶᠢ ᠴᠢᠷᠮᠠᠶᠢᠨ ᠪᠦᠳᠦᠭᠡᠨ ᠪᠠᠶᠢᠭᠤᠯᠵᠤ ᠪᠠᠶᠢᠨ᠎ᠠ᠃    — ᠳᠤᠮᠳᠠᠳᠤ ᠤᠯᠤᠰ ᠴᠢᠩᠭ᠎ᠠ ᠬᠦᠴᠦᠲᠠᠢ ᠲᠦᠷᠤ ᠶᠢᠨ ᠪᠤᠳᠤᠯᠭ᠎ᠠ ᠶᠢᠨ ᠠᠵᠢᠯᠯᠠᠭ᠎ᠠ ᠠᠪᠤᠬᠰᠠᠨ ᠪᠠᠶᠢᠨ᠎ᠠ᠃ ᠳᠤᠮᠳᠠᠳᠤ ᠤᠯᠤᠰ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠤᠨ ᠠᠮᠢ ᠨᠠᠰᠤᠨ ᠤ ᠬᠠᠮᠳᠤ ᠶᠢᠨ ᠴᠤᠬᠴᠠ ᠶᠢ ᠪᠠᠷᠢᠮᠳᠠᠯᠠᠵᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠵᠠᠰᠠᠯᠳᠠ ᠶᠢ ᠬᠠᠮᠵᠢᠯᠴᠠᠭᠤᠯᠤᠨ ᠠᠬᠢᠭᠤᠯᠪᠠ᠃ ᠤᠯᠤᠰ ᠤᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠬᠠᠮᠠᠭᠠᠯᠠᠯᠳᠠ ᠶᠢᠨ ᠬᠠᠤᠯᠢ ᠲᠤᠭᠳᠠᠭᠠᠬᠤ ᠠᠬᠢᠴᠠ ᠶᠢ ᠲᠦᠷᠬᠡᠳᠬᠡᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠲᠤᠭᠳᠠᠭᠠᠵᠤ᠂ ᠤᠯᠤᠰ ᠤᠨ ᠴᠡᠴᠡᠷᠯᠢᠭ ᠤᠨ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢᠨ ᠤᠯᠠᠨ ᠶᠠᠩᠵᠤᠳᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠭᠡᠷᠡᠭᠵᠢᠬᠦᠯᠵᠤ᠂ ᠨᠡᠶᠢᠬᠡᠮ ᠤᠨ ᠤᠷᠤᠯᠴᠠᠯᠭ᠎ᠠ ᠪᠠ ᠤᠯᠠᠨ ᠨᠡᠶᠢᠳᠠ ᠶᠢᠨ ᠤᠬᠠᠮᠰᠠᠷ ᠢ ᠲᠡᠭᠡᠭᠰᠢᠯᠡᠬᠦᠯᠪᠠ᠃ ᠥᠩᠭᠡᠷᠡᠭᠰᠡᠨ 10 ᠵᠢᠯ ᠳᠤ ᠤᠢ ᠰᠢᠭᠤᠢ ᠶᠢᠨ ᠡᠬᠢ ᠪᠠᠶᠠᠯᠢᠭ ᠤᠨ ᠲᠠᠯᠠᠪᠠᠢ 7000 ᠭᠠᠷᠤᠢ ᠲᠦᠮᠡᠨ ᠾᠧᠺᠲ᠋ᠠᠷ ᠨᠡᠮᠡᠭᠳᠡᠵᠦ᠂ ᠪᠦᠬᠦ ᠪᠥᠮᠪᠥᠷᠴᠡᠭ ᠤᠨ ᠲᠡᠷᠢᠭᠦᠨ ᠳᠤ ᠣᠷᠣᠪᠠ᠃ ᠡᠯᠡᠰᠦᠷᠬᠡᠭᠵᠢᠯ ᠴᠦᠯᠯᠡᠷᠭᠡᠭᠵᠢᠯ ᠢ ᠤᠷᠲᠤ ᠬᠤᠭᠤᠴᠠᠭ᠎ᠠ ᠪᠠᠷ ᠶᠡᠭᠡ ᠬᠡᠪᠴᠢᠶ᠎ᠡ ᠪᠠᠷ ᠵᠠᠰᠠᠵᠤ᠂ ᠨᠤᠭᠤ ᠭᠠᠵᠠᠷ ᠢ ᠪᠦᠲᠦᠮᠵᠢᠲᠡᠶ ᠬᠠᠮᠠᠭᠠᠯᠠᠨ ᠰᠡᠷᠭᠦᠭᠡᠵᠦ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠴᠤᠭᠯᠠᠭᠤᠯᠵᠤ ᠬᠠᠳᠠᠭᠠᠯᠠᠭᠰᠠᠨ ᠬᠡᠮᠵᠢᠶ᠎ᠡ ᠪᠠᠷ ᠳᠡᠯᠡᠬᠡᠶ ᠶᠢᠨ ᠡᠮᠦᠨ᠎ᠡ ᠡᠩᠨᠡᠭᠡᠨ ᠳᠤ ᠤᠷᠤᠵᠠᠢ᠃ 90% ᠶᠢᠨ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠲᠥᠷᠥᠯ ᠬᠡᠯᠪᠡᠷᠢ ᠪᠤᠯᠤᠨ 85% ᠶᠢᠨ ᠭᠤᠤᠯᠳᠠᠯᠭ᠎ᠠ ᠲᠠᠢ ᠬᠡᠭᠡᠷ᠎ᠡ ᠶᠢᠨ ᠠᠮᠢᠲᠠᠨ ᠤ ᠲᠦᠷᠦᠯ ᠵᠦᠢᠯ ᠤᠨ ᠰᠦᠷᠦᠭ ᠢ ᠪᠦᠲᠦᠮᠵᠢᠲᠡᠶ ᠬᠠᠮᠠᠭᠠᠯᠠᠪᠠ᠃    — ᠳᠤᠮᠳᠠᠳᠤ ᠤᠯᠤᠰ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ ᠣᠷᠣᠯᠴᠠᠪᠠ᠃ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠣᠷᠴᠢᠨ ᠲᠤᠭᠤᠷᠢᠨ ᠲᠠᠢ ᠬᠤᠯᠪᠤᠭᠳᠠᠭᠰᠠᠨ ᠭᠡᠷ᠎ᠡ ᠶᠢᠨ ᠡᠭᠦᠷᠭᠡ ᠪᠠᠨ ᠦᠨᠡᠨ ᠬᠦ ᠬᠦᠢᠴᠡᠳᠬᠡᠵᠤ᠂ 2020 ᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠬᠤᠯᠪᠣᠭᠳᠠᠯ ᠪᠦᠬᠦᠢ ᠬᠠᠷᠠᠯᠲᠠ ᠪᠠᠨ ᠨᠢᠭᠡᠨᠲᠡ ᠤᠷᠢᠳᠴᠢᠯᠠᠨ ᠪᠡᠶᠡᠯᠡᠭᠦᠯᠪᠡ᠃ ᠲᠡᠯᠡᠬᠡᠢ ᠲᠡᠭᠡᠷᠡᠬᠢ ᠬᠠᠮᠤᠬ ᠤᠨ ᠲᠤᠮᠤ ᠬᠦᠭᠵᠢᠵᠤ ᠪᠠᠶᠢᠭ᠎ᠠ ᠤᠯᠤᠰ ᠪᠤᠯᠤᠬᠰᠠᠨ ᠤ ᠬᠤᠪᠢ ᠳᠤ᠂ ᠪᠢᠳᠡ ᠲᠤᠷᠠᠳᠠᠶ᠎ᠠ ᠳᠤᠮᠳᠠᠳᠤ ᠤᠯᠤᠰ ᠤᠨ ᠬᠦᠭᠵᠢᠯᠳᠠ ᠶᠢᠨ ᠲᠦᠪᠰᠢᠨ ᠲᠠᠢ ᠵᠤᠬᠢᠴᠠᠬᠰᠠᠨ ᠤᠯᠠᠨ ᠤᠯᠤᠰ ᠤᠨ ᠬᠠᠷᠢᠭᠤᠴᠠᠯᠭ᠎ᠠ ᠪᠠᠨ ᠡᠬᠦᠷᠬᠡᠯᠠᠵᠤ᠂ ᠪᠦᠬᠦ ᠪᠦᠮᠪᠦᠷᠴᠡᠭ ᠤᠨ ᠤᠷᠴᠢᠨ ᠲᠤᠭᠤᠷᠢᠨ ᠤ ᠵᠠᠰᠠᠯᠳᠠ ᠳᠤ ᠬᠤᠪᠢ ᠨᠡᠮᠡᠷᠢ ᠬᠦᠴᠤᠨ ᠴᠢᠳᠠᠯ ᠢᠶᠠᠨ ᠡᠷᠬᠦᠨ᠎ᠠ᠃ ᠳᠤᠮᠳᠠᠳᠤ ᠤᠯᠤᠰ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠦᠷᠬᠦᠯᠵᠢᠯᠠᠨ ᠬᠠᠳᠠᠭᠤᠵᠢᠯᠳᠠᠢ ᠭᠠᠷᠮᠠᠭᠠᠢ ᠴᠢᠷᠮᠠᠶᠢᠯᠭ᠎ᠠ ᠭᠠᠷᠭᠠᠵᠤ᠂ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠡᠷᠴᠢᠮ ᠢᠶᠠᠨ ᠳᠡᠭᠡᠭᠰᠢᠯᠡᠭᠦᠯᠵᠤ᠂ ᠨᠠᠩ ᠬᠦᠴᠦᠲᠡᠶ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠤᠷᠬᠢᠯ ᠤᠨ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠨ᠂ 2060 ᠤᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠲᠤ ᠲᠣᠭᠲᠠᠭᠠᠭᠰᠠᠨ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠴᠢᠷᠮᠠᠶᠢᠯᠭ᠎ᠠ ᠪᠠ ᠬᠤᠪᠢ ᠨᠡᠮᠡᠷᠢ ᠦᠵᠡᠭᠦᠯᠦᠨ᠎ᠠ᠃    ᠲᠡᠷᠢᠬᠦᠯᠡᠭᠴᠢ ᠠᠪᠤᠭᠠᠢ ᠡ︕    ︽ᠲᠤᠰᠤᠯ ᠢ ᠬᠤᠷᠢᠶᠠᠪᠠᠯ ᠲᠠᠯᠠᠢ ᠪᠤᠯᠤᠨ᠎ᠠ︾ ᠭᠡᠳᠡᠭ᠃ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠬᠠᠮᠠᠭᠠᠯᠠᠯᠳᠠ ᠶᠢ ᠴᠢᠩᠭᠠᠳᠬᠠᠬᠤ᠂ ᠪᠦᠬᠦ ᠪᠦᠮᠪᠦᠷᠴᠡᠭ ᠤᠨ ᠤᠷᠴᠢᠨ ᠲᠤᠭᠤᠷᠢᠨ ᠤ ᠵᠠᠰᠠᠯᠳᠠ ᠶᠢ ᠠᠬᠢᠭᠤᠯᠬᠤ ᠳᠤ ᠡᠯ᠎ᠠ ᠲᠠᠯ᠎ᠠ ᠪᠠᠷ ᠢᠶᠠᠨ ᠦᠷᠬᠦᠯᠵᠢᠯᠠᠨ ᠴᠦᠬᠦᠷᠡᠰᠢ ᠦᠬᠡᠢ ᠴᠢᠷᠮᠠᠶᠢᠬᠤ ᠴᠢᠬᠤᠯᠠᠳᠠᠢ ᠶᠤᠮ᠃ ᠢᠷᠡᠬᠦ ᠵᠢᠯ ᠤᠯᠠᠨ ᠢᠶᠠᠷ ᠢᠶᠠᠨ ᠦᠵᠡᠰᠬᠦᠯᠡᠩᠳᠤ ᠰᠠᠶᠢᠬᠠᠨ ᠬᠠᠪᠤᠷ ᠤᠨ ᠬᠤᠳᠠ ᠺᠦᠨᠮᠢᠩ ᠳᠤ ᠴᠤᠭᠯᠠᠷᠠᠵᠤ᠂ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠵᠤ᠂ ᠡᠯ᠎ᠠ ᠲᠠᠯ᠎ᠠ ᠶᠢᠨ ᠬᠢᠨ ᠪᠦᠬᠦ ᠲᠠᠯ᠎ᠠ ᠪᠠᠷ ᠲᠡᠩᠴᠡᠬᠦᠷᠢᠳᠠᠢ᠂ ᠬᠦᠴᠤᠨ ᠪᠦᠬᠦᠢ᠂ ᠭᠡᠷᠡᠭᠵᠢᠬᠦᠯᠵᠤ ᠪᠤᠯᠬᠤ ᠠᠵᠢᠯᠯᠠᠭ᠎ᠠ ᠶᠢᠨ ᠪᠤᠷᠤ ᠲᠦᠯᠤᠪ ᠢ ᠲᠤᠬᠢᠷᠠᠯᠴᠠᠬᠤ ᠶᠢ ᠪᠢ ᠬᠦᠰᠡᠨ ᠬᠦᠯᠢᠶᠡᠵᠤ ᠪᠠᠶᠢᠨ᠎ᠠ᠃ ᠪᠢᠳᠡ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠭᠠᠷᠤᠭ᠎ᠠ ᠪᠤᠯᠭᠠᠨ ᠭᠠᠷ ᠬᠤᠯᠪᠣᠯᠴᠠᠨ ᠠᠶᠠᠨ ᠳᠠᠭᠠᠨ ᠮᠣᠷᠳᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠲᠦᠮᠡᠨ ᠪᠣᠳᠠᠰ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ᠃    ︵ᠰᠢᠨᠬᠤᠸᠠ ᠬᠤᠷᠢᠶᠠᠨ ᠤ ᠪᠡᠬᠡᠵᠢᠩ ᠤᠨ 9 ᠰᠠᠷ᠎ᠠ ᠶᠢᠨ 30 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号