︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠳᠤ ᠣᠷᠣᠯᠴᠠᠬᠤ ᠦᠶ᠎ᠡ ᠶᠢᠨ 3 ᠴᠢᠬᠤᠯᠠ ᠶᠠᠷᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020/10/10
   ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 71 ᠵᠢᠯ ᠤᠨ ᠤᠢ ᠶᠢᠨ ᠲᠠᠰᠢᠷᠠᠮ ᠳᠤ᠂ 10 ᠰᠠᠷ᠎ᠠ ᠶᠢᠨ 1 ᠤ ᠡᠳᠦᠷ ᠲᠤ ᠬᠡᠪᠯᠡᠭᠳᠡᠭᠰᠡᠨ 19 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠳᠤ ᠣᠷᠣᠯᠴᠠᠬᠤ ᠦᠶ᠎ᠡ ᠶᠢᠨ 3 ᠴᠢᠬᠤᠯᠠ ᠶᠠᠷᠢᠶ᠎ᠠ ᠶᠢ ᠳᠠᠬᠢᠨ ᠨᠡᠶᠢᠲᠡᠯᠡᠪᠡ᠂ ᠲᠡᠷᠡ ᠨᠢ ᠲᠤᠰ ᠲᠤᠰ 2019 ᠣᠨ ᠤ 10 ᠰᠠᠷ᠎ᠠ ᠶᠢᠨ 1 ᠤ ᠡᠳᠦᠷ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾᠂ 2019 ᠣᠨ ᠤ 9 ᠰᠠᠷ᠎ᠠ ᠶᠢᠨ 30 ᠤ ᠡᠳᠦᠷ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠶᠠᠷᠢᠶ᠎ᠠ︾᠂ 2019 ᠣᠨ ᠤ 9 ᠰᠠᠷ᠎ᠠ ᠶᠢᠨ 29 ᠤ ᠡᠳᠦᠷ ᠤᠨ ︽ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠶᠠᠷᠢᠶ᠎ᠠ︾ ᠪᠤᠯᠤᠨ᠎ᠠ᠃    ᠶᠠᠷᠢᠶᠠᠨ ᠳᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠢ ᠤᠢᠢᠷ᠎ᠠ ᠦᠶ᠎ᠡ ᠠᠴᠠ ᠨᠠᠭᠠᠰᠢᠬᠢ 100 ᠭᠠᠷᠤᠶ ᠵᠢᠯ ᠤᠨ ᠲᠤᠷᠰᠢᠬᠢ ᠳᠤᠮᠳᠠᠳᠤ ᠤᠯᠤᠰ ᠤᠨ ᠶᠠᠳᠠᠭᠤ ᠪᠠᠭᠤᠷᠠᠶ᠂ ᠪᠤᠰᠤᠳ ᠲᠤ ᠳᠣᠷᠣᠮᠵᠢᠯᠠᠭᠳᠠᠵᠤ ᠪᠠᠶᠢᠭᠰᠠᠨ ᠭᠤᠨᠢᠭ ᠵᠤᠪᠠᠭᠤᠷᠢ ᠲᠠᠢ ᠬᠤᠪᠢ ᠵᠠᠶᠠᠭ᠎ᠠ ᠶᠢ ᠲᠦᠢᠯᠪᠤᠷᠢᠲᠠᠶ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠠᠷᠳᠠᠩ ᠵᠠᠮ ᠳᠤ ᠤᠷᠤᠭᠰᠠᠨ ᠪᠠᠶᠢᠨ᠎ᠠ᠃ ᠥᠨᠥᠳᠥᠷ ᠨᠡᠶᠢᠭᠡᠮ ᠵᠢᠷᠤᠮᠲᠤ ᠳᠤᠮᠳᠠᠳᠤ ᠤᠯᠤᠰ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ᠂ ᠶᠠᠮᠠᠷᠪᠠ ᠬᠦᠴᠦᠨ ᠵᠦᠢᠯ ᠴᠦ ᠭᠡᠳ ᠮᠠᠨ ᠤ ᠠᠭᠤᠤ ᠶᠡᠭᠡ ᠡᠬᠡ ᠤᠯᠤᠰ ᠤᠨ ᠪᠠᠶᠢᠷᠢ ᠰᠠᠭᠤᠷᠢ ᠶᠢ ᠭᠤᠶᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠦᠨ ᠵᠦᠢᠯ ᠴᠦ ᠭᠡᠳ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ ᠭᠡᠵᠦ ᠵᠢᠭᠠᠵᠦ ᠭᠠᠷᠭᠠᠪᠠ᠃    ᠶᠠᠷᠢᠶᠠᠨ ᠳᠤ᠂ 70 ᠵᠢᠯ ᠨᠢ ᠬᠥᠮᠦᠨ ᠲᠥᠷᠥᠯᠬᠢᠲᠡᠨ ᠤ ᠲᠡᠦᠬᠡ ᠶᠢᠨ ᠤᠷᠳᠤ ᠠᠶᠠᠨ ᠳᠤ ᠵᠥᠪᠬᠡᠨ ᠬᠤᠷᠣᠮᠬᠠᠨ ᠵᠠᠭᠤᠷ᠎ᠠ ᠳᠡᠳᠦᠢ ᠪᠣᠯᠪᠠᠴᠤ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠳᠤ ᠠᠪᠴᠤ ᠬᠡᠯᠡᠪᠡᠯ᠂ ᠡᠨᠡ ᠪᠣᠯ ᠯᠤᠲᠤ ᠶᠡᠭᠡ ᠬᠤᠪᠢᠷᠠᠯᠲᠠ ᠭᠠᠷᠴᠤ ᠬᠥᠮᠦᠨ ᠤ ᠶᠢᠷᠲᠢᠨᠴᠦ ᠶᠢ ᠬᠤᠪᠢᠷᠠᠭᠤᠯᠤᠭᠰᠠᠨ 70 ᠵᠢᠯ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠡᠭᠡᠨ ᠰᠠᠷᠠᠭᠤᠯ ᠢᠷᠡᠭᠡᠳᠦᠶ ᠶᠢ ᠤᠭᠲᠤᠨ ᠠᠪᠴᠢᠷᠠᠪᠠ᠃ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠴᠥᠮ ᠮᠠᠨ ᠤ ᠠᠭᠤᠤ ᠶᠡᠭᠡ ᠡᠬᠡ ᠤᠯᠤᠰ ᠤᠨ ᠢᠶᠠᠨ ᠲᠦᠯᠦᠭᠡ ᠣᠮᠣᠭᠰᠢᠨ ᠪᠠᠭ᠋ᠠᠳᠤᠵᠤ᠂ ᠴᠥᠮ ᠮᠠᠨ ᠤ ᠠᠭᠤᠤ ᠶᠡᠭᠡ ᠡᠬᠡ ᠤᠯᠤᠰ ᠲᠠᠭᠠᠨ ᠴᠢᠩ ᠰᠡᠳᠬᠢᠯ ᠤᠨ ᠵᠦᠩᠨᠡᠯ ᠢᠶᠠᠨ ᠲᠡᠪᠰᠢᠬᠦᠯᠵᠤ ᠪᠠᠶᠢᠨ᠎ᠠ ᠭᠡᠵᠤ ᠵᠢᠭᠠᠵᠤ ᠭᠠᠷᠭᠠᠪᠠ᠃    ᠶᠠᠷᠢᠶᠠᠨ ᠳᠤ᠂ ᠠᠯᠢᠪᠠ ᠠᠭᠤᠤ ᠶᠡᠭᠡ ᠠᠮᠵᠢᠯᠲᠠ ᠪᠣᠯ ᠴᠥᠮ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠪᠠᠶᠢᠵᠤ᠂ ᠠᠯᠢᠪᠠ ᠠᠭᠤᠤ ᠶᠡᠭᠡ ᠦᠢᠯᠡᠰ ᠢ ᠴᠥᠮ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠳᠤᠮᠳᠠ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠪᠤᠯ ᠯᠠᠪᠲᠠᠢ ᠶᠡᠭᠡ ᠦᠢᠯᠡᠰ ᠢ ᠪᠦᠲᠦᠭᠡᠵᠦ ᠪᠣᠯᠬᠤ ᠴᠠᠭ ᠦᠶ᠎ᠡ ᠮᠦᠨ᠃ ᠤᠷᠤᠭᠰᠢᠯᠠᠯᠲᠠ ᠶᠢᠨ ᠵᠠᠮ ᠳᠠᠭᠠᠨ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠵᠤ᠂ ᠲᠡᠦᠬᠡ ᠶᠢᠨ ᠰᠢᠨ᠎ᠡ ᠠᠤᠭ᠎ᠠ ᠦᠢᠯᠡᠰ ᠢ ᠲᠠᠰᠤᠷᠠᠯᠳᠠ ᠦᠭᠡᠢ ᠡᠭᠦᠳᠦᠨ ᠪᠦᠲᠦᠭᠡᠬᠦ ᠬᠡᠷᠡᠭᠲᠡᠢ᠃ ᠪᠢᠳᠡ ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠠᠷᠢᠮᠲᠠᠯᠠᠵᠤ᠂ ᠰᠢᠶᠠᠩᠭᠠᠩ ᠣᠣᠮᠧᠨ ᠤ ᠤᠷᠲᠤ ᠬᠤᠭᠤᠴᠠᠭᠠᠨ ᠤ ᠬᠥᠭᠵᠢᠯ ᠴᠡᠴᠡᠭᠯᠡᠯ ᠲᠣᠭᠲᠠᠭᠤᠨ ᠪᠠᠶᠢᠲᠠᠯ ᠢ ᠬᠠᠮᠠᠭᠠᠯᠠᠨ᠂ ᠲᠠᠶᠢᠸᠠᠨ ᠬᠤᠭᠤᠯᠠᠶ ᠶᠢᠨ ᠬᠤᠶᠠᠷ ᠬᠦᠪᠡᠭᠡᠡ ᠤ ᠬᠠᠷᠢᠴᠠᠭᠠᠨ ᠤ ᠡᠩᠭᠡ ᠲᠠᠶᠢᠪᠤᠩ ᠬᠥᠭᠵᠢᠯᠲᠡ ᠶᠢ ᠠᠬᠢᠭᠤᠯᠵᠤ᠂ ᠪᠦᠬᠦ ᠳᠤᠮᠳᠠᠳᠤ ᠶᠢᠨ ᠬᠥᠪᠡᠭᠦᠳ ᠥᠬᠢᠳ ᠢ ᠪᠦᠯᠬᠦᠮᠳᠡᠬᠦᠯᠵᠤ᠂ ᠡᠬᠡ ᠣᠷᠣᠨ ᠤ ᠪᠠᠨ ᠪᠦᠷᠢᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠶ᠃ ᠪᠢᠳᠡ ᠡᠩᠬᠡ ᠲᠠᠶᠢᠪᠤᠩ ᠬᠥᠭᠵᠢᠯᠲᠡ ᠶᠢᠨ ᠵᠠᠮ ᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠨᠡᠭᠡᠭᠡᠯᠲᠡᠲᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠯᠦᠭᠡ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠨᠢ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ᠂ ᠵᠣᠷᠢᠯᠲᠠ᠂ ᠤᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠤᠯᠤᠰ ᠣᠷᠣᠨ ᠤ ᠪᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠳᠡᠯᠡᠬᠡᠶ ᠶᠢᠨ ᠡᠩᠭᠡ ᠲᠠᠶᠢᠪᠤᠩ ᠢ ᠡᠷᠡᠰ ᠬᠠᠮᠠᠭᠠᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃    ᠶᠠᠷᠢᠶᠠᠨ ᠳᠤ᠂ ᠪᠠᠭᠠᠲᠤᠷᠴᠤᠳ ᠢ ᠡᠷᠬᠢᠮᠯᠡᠨ ᠳᠡᠭᠡᠳᠦᠯᠡᠪᠡᠯ ᠰᠠᠶ᠋ᠢ ᠪᠠᠭᠠᠲᠤᠷ ᠢ ᠪᠤᠢ ᠪᠣᠯᠭᠠᠵᠤ ᠴᠢᠳᠠᠨ᠎ᠠ᠂ ᠪᠠᠭᠠᠲᠤᠷ ᠪᠣᠯᠬᠤ ᠪᠠᠷ ᠴᠢᠷᠮᠠᠶᠢᠪᠠᠯ ᠰᠠᠶ᠋ᠢ ᠪᠠᠭᠠᠲᠤᠷᠴᠤᠳ ᠴᠣᠯᠭᠤᠷᠠᠨ ᠭᠠᠷᠴᠤ ᠴᠢᠳᠠᠨ᠎ᠠ᠃ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠴᠥᠬᠦᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠲᠠᠢ ᠪᠠᠶᠢᠵᠤ᠂ ᠡᠩ ᠤᠨ ᠤᠴᠢᠷ ᠶᠠᠪᠤᠳᠠᠯ ᠪᠣᠯᠭᠠᠨ ᠢ ᠯᠠᠪᠳᠠᠭᠤᠨ ᠪᠠᠳᠤᠳᠠᠢ ᠰᠠᠶᠢᠲᠤᠷ ᠬᠢᠴᠢᠬᠡᠪᠡᠯ᠂ ᠡᠭᠡᠯ ᠵᠢᠷ ᠤᠨ ᠬᠥᠮᠦᠨ ᠪᠦᠬᠦᠨ ᠴᠦᠮ ᠶᠡᠷᠦ ᠪᠤᠰᠤ ᠶᠢᠨ ᠬᠦᠮᠤᠨ ᠤ ᠠᠮᠢᠳᠤᠷᠠᠯ ᠢ ᠣᠯᠵᠤ ᠪᠣᠯᠤᠨ᠎ᠠ᠂ ᠡᠭᠡᠯ ᠵᠢᠷ ᠤᠨ ᠠᠵᠢᠯ ᠪᠦᠬᠦᠨ ᠳᠤ ᠴᠦᠮ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠡᠭᠦᠳᠴᠦ ᠴᠢᠲᠠᠬᠤ ᠶᠤᠮ᠃ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠠᠭᠠᠲᠤᠷ ᠵᠢᠱᠢᠶᠡᠴᠢᠳ ᠲᠠᠢ ᠠᠳᠠᠯᠢ ᠪᠠᠷ ᠪᠠᠲᠤ ᠰᠠᠬᠢᠵᠤ᠂ ᠪᠠᠭᠠᠲᠤᠷ ᠵᠢᠱᠢᠶᠡᠴᠢᠳ ᠲᠠᠢ ᠠᠳᠠᠯᠢ ᠪᠠᠷ ᠲᠡᠮᠡᠴᠡᠵᠦ᠂ ᠰᠢᠨ᠎ᠡ ᠴᠠᠭ ᠦᠶ᠎ᠡ ᠶᠢᠨ ᠪᠦᠬᠦᠳᠡ ᠨᠠᠶᠢᠷᠠᠮᠳᠠᠬᠤ ᠠᠷᠠᠳ ᠤᠯᠤᠰ ᠤᠨ ᠢᠷᠠᠭᠤ ᠭᠠᠶᠢᠬᠠᠮᠰᠢᠭᠲᠤ ᠢᠯᠠᠯᠲᠠ ᠶᠢᠨ ᠳᠠᠭᠤᠤ ᠶᠢ ᠬᠠᠮᠲᠤ ᠪᠠᠷ ᠪᠢᠴᠢᠭᠯᠡᠬᠦ ᠬᠡᠷᠡᠭᠲᠡᠢ︕ ᠭᠡᠵᠦ ᠵᠢᠭᠠᠵᠦ ᠭᠠᠷᠭᠠᠪᠠ᠃    ᠶᠠᠷᠢᠶᠠᠨ ᠳᠤ᠂ ᠳᠤᠮᠳᠠᠳᠤ ᠤᠯᠤᠰ ᠤᠨ ᠠᠷᠠᠳ ᠲᠦᠮᠡᠨ ᠪᠣᠯ ᠠᠭᠤᠤ ᠶᠡᠭᠡ ᠠᠷᠠᠳ ᠲᠦᠮᠡᠨ ᠮᠥᠨ᠂ ᠳᠤᠮᠳᠠᠳᠤ ᠶᠢᠨ ᠦᠨᠳᠦᠰᠦᠲᠡᠨ ᠪᠣᠯ ᠠᠭᠤᠤ ᠶᠡᠭᠡ ᠦᠨᠳᠦᠰᠦᠲᠡᠨ ᠮᠥᠨ᠂ ᠳᠤᠮᠳᠠᠳᠤ ᠶᠢᠨ ᠪᠣᠯᠪᠠᠰᠤᠨ ᠪᠣᠯ ᠠᠭᠤᠤ ᠶᠡᠭᠡ ᠪᠣᠯᠪᠠᠰᠤᠨ ᠮᠥᠨ᠃ ᠳᠤᠮᠳᠠᠳᠤ ᠤᠯᠤᠰ ᠤᠨ ᠥᠴᠥᠭᠡᠳᠦᠷ ᠨᠢᠭᠡᠨᠲᠡ ᠬᠥᠮᠦᠨ ᠲᠥᠷᠥᠯᠬᠢᠲᠡᠨ ᠤ ᠲᠡᠦᠬᠡᠨ ᠬᠠᠭᠤᠳᠠᠰᠤᠨ᠎ᠠ ᠪᠢᠴᠢᠭᠯᠡᠭᠲᠡᠵᠦ᠂ ᠳᠤᠮᠳᠠᠳᠤ ᠤᠯᠤᠰ ᠤᠨ ᠥᠨᠥᠳᠦᠷ ᠶᠠᠭ ᠲᠦᠭ ᠲᠦᠮᠡᠨ ᠠᠷᠠᠳ ᠲᠦᠮᠡᠨ ᠤ ᠭᠠᠷ ᠲᠤ ᠡᠭᠦᠳᠦᠨ ᠪᠦᠲᠦᠭᠡᠭᠲᠡᠵᠦ ᠪᠠᠶᠢᠨ᠎ᠠ᠂ ᠳᠤᠮᠳᠠᠳᠤ ᠤᠯᠤᠰ ᠤᠨ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠣᠯᠬᠤ ᠶᠤᠮ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠩ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠮᠠᠨ ᠤ ᠪᠥᠬᠦᠳᠡ ᠨᠠᠶᠢᠷᠠᠮᠳᠠᠬᠤ ᠠᠷᠠᠳ ᠤᠯᠤᠰ ᠢᠶᠠᠨ ᠦᠷᠭᠦᠯᠵᠢᠯᠡᠨ ᠰᠠᠶᠢᠲᠤᠷ ᠪᠠᠬᠢᠵᠢᠭᠦᠯᠤᠨ ᠰᠠᠶᠢᠲᠤᠷ ᠬᠥᠭᠵᠢᠭᠦᠯᠵᠦ᠂ ︽ᠬᠤᠤᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠪᠠᠨ ᠲᠡᠷᠭᠡᠯᠰᠢᠭᠦᠯᠬᠦ ᠶᠢᠨ ᠲᠥᠯᠥᠭᠡ ᠦᠷᠭᠦᠯᠵᠢᠯᠡᠨ ᠴᠢᠷᠮᠠᠶᠢᠨ ᠲᠡᠮᠡᠴᠡᠰᠦᠭᠡᠢ︕ ᠭᠡᠵᠦ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号