ᠰᠢ ᠶᠢᠨ ᠫᠢᠩ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ ᠶᠡᠭᠡ ᠬᠤᠷᠠᠯ ᠤᠨ ᠪᠡᠭᠡᠵᠢᠩ ᠤᠨ ᠳᠡᠯᠡᠭᠡᠢ ᠶᠢᠨ ᠡᠮᠡᠭᠳᠡᠶᠢᠴᠤᠳ ᠤᠨ ᠶᠡᠭᠡ ᠬᠤᠷᠠᠯ ᠬᠤᠷᠠᠯᠳᠤᠭᠰᠠᠨ 25 ᠵᠢᠯ ᠤᠨ ᠤᠢ ᠶᠢ ᠲᠤᠷᠠᠰᠬᠠᠬᠤ ᠲᠡᠭᠡᠳᠦ ᠵᠡᠷᠭᠡ ᠶᠢᠨ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/10/10
   ᠡᠮᠡᠭᠳᠡᠶᠢᠴᠥᠳ ᠢ ᠬᠠᠪᠰᠤᠷᠤᠨ ᠬᠢᠵᠢᠭ ᠤᠨ ᠪᠠᠶᠢᠳᠠᠯ ᠤᠨ ᠨᠦᠯᠦᠭᠡ ᠠᠴᠠ ᠠᠩᠭᠢᠵᠢᠷᠠᠭᠤᠯᠵᠦ᠂ ᠡᠷᠡᠭᠳᠡᠢ ᠡᠮᠡᠭᠳᠡᠢ ᠡᠷᠬᠡ ᠲᠡᠭᠰᠢ ᠪᠠᠶᠢᠬᠤ ᠶᠢ ᠪᠤᠲᠠᠲᠠᠢ ᠳᠤ ᠨᠠᠶᠢᠳᠠᠪᠦᠷᠢᠵᠢᠭᠤᠯᠤᠨ᠂ ᠡᠮᠡᠭᠳᠡᠶᠢᠴᠥᠳ ᠤᠨ ᠴᠠᠭ ᠦᠶ᠎ᠡ ᠶᠢᠨ ᠡᠮᠤᠨ᠎ᠡ ᠡᠩᠨᠡᠭᠡᠨ ᠳᠤ ᠬᠤᠰᠢᠭᠤᠷᠠᠬᠤ ᠶᠢ ᠠᠬᠢᠭᠤᠯᠵᠦ᠂ ᠪᠦᠬᠦ ᠪᠦᠮᠪᠦᠷᠴᠡᠭ ᠤᠨ ᠡᠮᠡᠭᠳᠡᠶᠢᠴᠥᠳ ᠤᠨ ᠠᠵᠢᠯ ᠦᠢᠯᠡᠰ ᠤᠨ ᠬᠠᠮᠳᠤᠷᠠᠯᠴᠠᠭ᠎ᠠ ᠶᠢ ᠴᠢᠩᠭᠠᠳᠬᠠᠶ᠎ᠠ ᠭᠡᠵᠦ ᠰᠠᠨᠠᠭᠠᠴᠢᠯᠠᠪᠠ    2025 ᠣᠨ ᠳᠤ ᠪᠦᠬᠦ ᠳᠡᠯᠡᠭᠡᠢ ᠶᠢᠨ ᠡᠮᠡᠭᠳᠡᠶᠢᠴᠥᠳ ᠤᠨ ᠲᠦᠷᠦᠭᠦᠴᠦᠳ ᠤᠨ ᠬᠤᠷᠠᠯ ᠢ ᠳᠠᠬᠢᠨ ᠬᠤᠷᠠᠯᠳᠤᠭᠤᠯᠬᠤ ᠶᠢ ᠰᠠᠨᠠᠭᠠᠴᠢᠯᠠᠵᠠᠢ    
   10 ᠰᠠᠷ᠎ᠠ ᠶᠢᠨ 1 ᠤ ᠡᠳᠤᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ ᠶᠡᠭᠡ ᠬᠤᠷᠠᠯ ᠤᠨ ᠪᠡᠭᠡᠵᠢᠩ ᠤᠨ ᠳᠡᠯᠡᠭᠡᠢ ᠶᠢᠨ ᠡᠮᠡᠭᠳᠡᠶᠢᠴᠤᠳ ᠤᠨ ᠶᠡᠭᠡ ᠬᠤᠷᠠᠯ ᠬᠤᠷᠠᠯᠳᠤᠭᠰᠠᠠ 25 ᠵᠢᠯ ᠤᠨ ᠤᠢ ᠶᠢ ᠲᠤᠷᠠᠰᠬᠠᠬᠤ ᠲᠡᠭᠡᠳᠦ ᠵᠡᠷᠭᠡ ᠶᠢᠨ ᠬᠤᠷᠠᠯ ᠳᠡᠭᠡᠷ᠎ᠠ ᠸᠢᠳᠢᠣ᠋ ᠪᠠᠷ ᠳᠠᠮᠵᠢᠨ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ    ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 1 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 1 ᠤ ᠡᠳᠦᠷ᠂ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ ᠶᠡᠭᠡ ᠬᠤᠷᠠᠯ ᠤᠨ ᠪᠡᠭᠡᠵᠢᠩ ᠤᠨ ᠳᠡᠯᠡᠭᠡᠢ ᠶᠢᠨ ᠡᠮᠡᠭᠳᠡᠶᠢᠴᠤᠳ ᠤᠨ ᠶᠡᠭᠡ ᠬᠤᠷᠠᠯ ᠬᠤᠷᠠᠯᠳᠤᠭᠰᠠᠠ 25 ᠵᠢᠯ ᠤᠨ ᠤᠢ ᠶᠢ ᠲᠤᠷᠠᠰᠬᠠᠬᠤ ᠲᠡᠭᠡᠳᠦ ᠵᠡᠷᠭᠡ ᠶᠢᠨ ᠬᠤᠷᠠᠯ ᠳᠡᠭᠡᠷ᠎ᠠ ᠸᠢᠳᠢᠣ᠋ ᠪᠠᠷ ᠳᠠᠮᠵᠢᠨ ᠴᠢᠬᠤᠯᠠ ᠶᠠᠷᠢᠶ᠎ᠠ ᠲᠠᠯᠪᠢᠪᠠ᠃    ᠰᠢ ᠶᠢᠨ ᠫᠢᠩ᠂ ᠡᠮᠡᠭᠳᠡᠶᠢᠴᠤᠳ ᠪᠤᠯ ᠬᠦᠮᠦᠨ ᠲᠦᠷᠦᠯᠬᠢᠳᠡᠨ ᠤ ᠪᠤᠯᠪᠠᠰᠤᠨ ᠤ ᠨᠡᠭᠡᠭᠡᠨ ᠡᠬᠦᠳᠦᠭᠴᠢ᠂ ᠨᠡᠶᠢᠭᠡᠮ ᠤᠨ ᠲᠠᠪᠰᠢᠯᠳᠠ ᠶᠢᠨ ᠠᠬᠢᠭᠤᠯᠤᠬᠴᠢ ᠮᠦᠨ᠂ ᠲᠡᠲᠡ ᠡᠯ᠎ᠠ ᠠᠵᠢᠯ ᠲᠦᠷᠦᠯ ᠳᠡᠭᠡᠷ᠎ᠠ ᠪᠠᠨ ᠴᠦᠮ ᠶᠡᠷᠤ ᠪᠤᠰᠤ ᠶᠢᠨ ᠠᠮᠵᠢᠯᠳᠠ ᠭᠠᠷᠭᠠᠵᠤ ᠪᠠᠶᠢᠨ᠎ᠠ᠃ ᠪᠢᠳᠠ ᠤᠳᠤ ᠶᠠᠭ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠵᠦ ᠪᠠᠶᠢᠨ᠎ᠠ᠂ ᠦᠷᠭᠡᠨ ᠤᠯᠠᠨ ᠡᠮᠡᠭᠳᠡᠢ ᠡᠮᠴᠢᠯᠡᠭᠡᠨ ᠤ ᠠᠵᠢᠯᠳᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠳᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ᠂ ᠨᠡᠶᠢᠭᠡᠮ ᠲᠤᠭᠤᠷᠢᠬ ᠤᠨ ᠠᠵᠢᠯᠳᠠᠨ᠂ ᠰᠠᠶᠢᠨ ᠳᠤᠷᠠᠴᠤᠤᠯ ᠨᠠᠷ ᠬᠦᠴᠢᠷ ᠪᠡᠷᠭᠡᠰᠢᠶᠡᠯ ᠠᠴᠠ ᠠᠶᠦᠬᠤ ᠦᠭᠡᠢ ᠪᠠᠷ ᠡᠳᠦᠷ ᠰᠦᠨᠢ ᠦᠭᠡᠢ ᠲᠡᠮᠡᠴᠡᠨ ᠠᠵᠢᠯᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠠᠲ ᠢ ᠪᠠᠳᠤ ᠰᠠᠬᠢᠨ᠂ ᠠᠵᠢᠯᠴᠢ ᠬᠦᠳᠡᠯᠮᠦᠷᠢᠴᠢ ᠤᠶᠤᠨ ᠤᠬᠠᠭᠠᠨ ᠢᠶᠠᠷ ᠢᠶᠠᠨ ᠠᠮᠢ ᠨᠠᠰᠤ ᠶᠢ ᠬᠠᠮᠠᠭᠠᠯᠠᠬᠤ᠂ ᠠᠮᠢ ᠨᠠᠰᠤ ᠶᠢ ᠠᠪᠤᠷᠠᠬᠤ ᠢᠷᠠᠭᠤ ᠬᠠᠭᠤᠳᠠᠰᠤ ᠶᠢ ᠪᠢᠴᠢᠭᠯᠡᠵᠦ ᠪᠠᠶᠢᠨ᠎ᠠ᠃ ᠪᠢᠳᠠ ᠳᠡᠳᠡᠨ ᠢ ᠮᠠᠬᠳᠠᠨ ᠰᠠᠶᠢᠰᠢᠶᠠᠰᠤᠭᠠᠢ᠃ ᠳᠤᠮᠳᠠᠳᠤ ᠤᠯᠤᠰ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠵᠦ ᠪᠠᠶᠢᠬᠰᠠᠨ ᠬᠠᠮᠤᠭ ᠤᠨ ᠵᠠᠩᠭᠢᠯᠠᠭ᠎ᠠ ᠶᠢᠨ ᠴᠠᠭ ᠮᠦᠴᠡ ᠳᠤ᠂ ᠶᠠᠭ ᠡᠶᠢᠨ ᠬᠦ ᠲᠦᠭ ᠲᠦᠮᠡᠨ ᠳᠤᠮᠳᠠᠳᠤ ᠤᠯᠤᠰ ᠤᠨ ᠡᠮᠡᠭᠳᠡᠶᠢᠴᠤᠳ ᠰᠦᠰᠦ ᠵᠤᠷᠢᠭ ᠪᠠ ᠰᠢᠷᠭᠠᠭᠤ ᠬᠦᠳᠡᠯᠮᠦᠷᠢ ᠪᠠᠷ ᠢᠶᠠᠨ ᠡᠮᠴᠢ ᠪᠤᠯᠤᠭᠰᠠᠳ ᠤᠨ ᠡᠨᠡᠷᠢᠩᠬᠦᠢ ᠰᠡᠳᠬᠢᠯ ᠢ ᠲᠠᠶᠢᠯᠪᠤᠷᠢᠯᠡᠵᠤ᠂ ᠬᠠᠷᠢᠭᠤᠴᠠᠯᠭ᠎ᠠ ᠡᠬᠦᠷᠭᠡᠯᠡᠯ ᠪᠠ ᠭᠤᠶᠠᠴᠢ ᠦᠭᠡᠢ ᠨᠡᠮᠡᠷᠢ ᠬᠠᠨᠳᠢᠪ ᠢᠶᠠᠷ ᠢᠶᠠᠨ ᠤᠯᠤᠰ ᠤᠷᠤᠨ ᠠᠷᠠᠳ ᠲᠦᠮᠡᠨ ᠤ ᠠᠮᠤᠷ ᠠᠮᠤᠭᠤᠯᠠᠩ ᠢ ᠰᠤᠯᠢᠵᠤ ᠠᠪᠴᠢᠷᠠᠭᠰᠠᠨ ᠶᠤᠮ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ 25 ᠵᠢᠯ ᠤᠨ ᠲᠤᠷᠰᠢ ᠪᠡᠭᠡᠵᠢᠩ ᠤᠨ ᠳᠡᠯᠡᠭᠡᠢ ᠶᠢᠨ ᠡᠮᠡᠭᠳᠡᠶᠢᠴᠤᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠳᠤ ᠲᠠᠰᠤᠷᠠᠯᠳᠠ ᠦᠭᠡᠢ ᠢᠳᠡᠪᠬᠢ ᠬᠤᠪᠢᠷᠠᠯᠳᠠ ᠭᠠᠷᠴᠠᠢ᠃ ᠡᠮᠡᠭᠳᠡᠶᠢᠴᠤᠳ ᠤᠨ ᠨᠡᠶᠢᠭᠡᠮ ᠤᠨ ᠪᠠᠶᠢᠷᠢ ᠰᠠᠭᠤᠷᠢ ᠳᠡᠭᠡᠭᠰᠢᠯᠡᠵᠦ᠂ ︽ᠲᠦᠷᠦ ᠶᠢᠨ ᠬᠠᠭᠠᠰ ᠲᠤᠯᠭᠠᠭᠤᠷᠢ︾ ᠶᠢᠨ ᠦᠢᠯᠡᠳᠦᠯ ᠡᠳᠦᠷ ᠢᠷᠡᠬᠦᠶ᠎ᠠ ᠲᠤᠪᠤᠶᠢᠮ᠎ᠠ ᠪᠤᠯᠵᠤ᠂ ᠡᠷᠡᠭᠳᠡᠢ ᠡᠮᠡᠭᠳᠡᠢ ᠡᠷᠭᠡ ᠲᠡᠭᠰᠢ ᠪᠠᠶᠢᠬᠤ ᠪᠠ ᠡᠮᠡᠭᠳᠡᠶᠢᠴᠤᠳ ᠲᠤ ᠡᠷᠭᠡ ᠤᠯᠭᠤᠬᠤ ᠨᠢ ︽ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ 2030 ᠤᠨ ᠤ ᠦᠷᠬᠦᠯᠵᠢᠯᠡᠬᠦ ᠬᠦᠭᠵᠢᠯᠳᠠ ᠶᠢᠨ ᠵᠦᠪᠯᠡᠬᠦ ᠵᠦᠢᠯ︾ ᠤᠨ ᠴᠢᠬᠤᠯᠠ ᠬᠠᠷᠠᠯᠳᠠ ᠪᠤᠯᠪᠠ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠳᠡᠯᠭᠡᠷᠡᠵᠦ᠂ ᠡᠮᠡᠭᠳᠡᠶᠢᠴᠤᠳ ᠲᠤ ᠨᠡᠩ ᠶᠡᠭᠡ ᠦᠷᠢᠰᠦᠯᠳᠦᠭᠡᠨ ᠲᠤᠯᠭᠠᠷᠠᠵᠦ ᠪᠠᠶᠢᠨ᠎ᠠ᠃ ᠬᠢᠵᠢᠭ ᠲᠠᠢ ᠲᠡᠮᠡᠴᠡᠬᠦ ᠪᠠ ᠠᠵᠤ ᠠᠬᠤᠢ ᠨᠡᠶᠢᠭᠡᠮ ᠤᠨ ᠰᠡᠷᠬᠦᠯᠳᠠ ᠶᠢ ᠠᠬᠢᠭᠤᠯᠬᠤ ᠲᠤᠮᠳᠠ᠂ ᠡᠮᠡᠭᠳᠡᠶᠢᠴᠤᠳ ᠤᠨ ᠤᠨᠴᠠᠭᠠᠢ ᠭᠡᠷᠡᠭᠴᠡᠭᠡ ᠶᠢ ᠤᠨᠴᠠᠭᠠᠢᠢᠯᠠᠨ ᠠᠩᠬᠠᠷᠴᠤ᠂ ︽ᠪᠡᠭᠡᠵᠢᠩ ᠤᠨ ᠲᠤᠩᠬᠠᠭ︾ ᠪᠤᠯᠤᠨ ︽ᠠᠵᠢᠯᠯᠠᠭᠠᠨ ᠤ ᠬᠦᠳᠤᠯᠪᠤᠷᠢ︾ ᠶᠢ ᠨᠠᠶᠢᠳᠠᠪᠤᠷᠢᠵᠢᠭᠤᠯᠤᠶ᠎ᠠ ᠭᠡᠵᠤ ᠴᠢᠬᠤᠯᠠᠴᠢᠯᠠᠪᠠ᠃    ᠰᠢ ᠶᠢᠨ ᠫᠢᠩ 4 ᠲᠠᠯ᠎ᠡ ᠶᠢᠨ ᠰᠠᠨᠠᠭᠠᠴᠢᠯᠠᠭ᠎ᠠ ᠲᠤᠷᠠᠳᠴᠠᠢ᠃    ᠨᠢᠭᠡᠳᠤᠭᠡᠷ ᠲᠤ᠂ ᠡᠮᠡᠭᠳᠠᠶᠢᠴᠤᠳ ᠢ ᠬᠠᠪᠰᠤᠷᠤᠨ ᠬᠢᠵᠢᠭ ᠤᠨ ᠪᠠᠶᠢᠳᠠᠯ ᠤᠨ ᠨᠦᠯᠦᠭᠡ ᠠᠴᠠ ᠠᠩᠬᠢᠵᠢᠷᠠᠭᠤᠯᠤᠶ᠎ᠠ ᠃ ᠨᠢᠭᠡᠳᠦᠭᠡᠷ ᠹᠷᠤᠨᠲ ᠤᠨ ᠡᠮᠡᠭᠳᠡᠢ ᠡᠮᠴᠢᠯᠡᠭᠡᠨ ᠤ ᠠᠵᠢᠯᠳᠠᠨ ᠤ ᠪᠡᠶ᠎ᠡ ᠮᠠᠬᠠᠪᠤᠳ ᠤᠨ ᠡᠷᠡᠬᠦᠯ ᠮᠠᠨᠳᠤ᠂ ᠨᠡᠶᠢᠭᠡᠮ ᠤᠨ ᠰᠡᠳᠬᠢᠴᠠ ᠶᠢᠨ ᠭᠡᠷᠡᠭᠴᠡᠭᠡ᠂ ᠠᠵᠢᠯ ᠤᠨ ᠤᠷᠴᠢᠨ ᠢ ᠠᠩᠬᠠᠷᠤᠨ ᠬᠠᠯᠠᠮᠵᠢᠯᠠᠶ᠎ᠠ᠃ ᠡᠮᠡᠭᠳᠠᠶᠢᠴᠤᠳ ᠪᠤᠯᠤᠨ ᠡᠮᠡᠭᠳᠠᠢ ᠭᠡᠤᠭᠡᠤᠨ ᠤᠳ ᠤᠨ ᠡᠷᠭᠡ ᠠᠰᠢᠭ ᠢ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠪᠠ ᠠᠵᠢᠯ ᠦᠢᠯᠡᠳᠪᠤᠷᠢᠯᠡᠯ ᠢᠶᠠᠨ ᠰᠡᠷᠬᠦᠭᠡᠬᠦ ᠲᠦᠯᠦᠪᠯᠡᠭᠡ ᠶᠢᠨ ᠴᠢᠬᠤᠯᠠ ᠪᠠᠶᠢᠷᠢᠨ ᠳᠤ ᠲᠠᠯᠪᠢᠵᠤ᠂ ᠡᠮᠡᠭᠳᠠᠶᠢᠴᠤᠳ ᠤᠨ ᠡᠷᠭᠡ ᠠᠰᠢᠭ ᠲᠤ ᠬᠠᠯᠳᠠᠬᠰᠡᠨ ᠦᠢᠯᠡ ᠠᠵᠢᠯᠯᠠᠭ᠎ᠠ ᠳᠤ ᠴᠤᠬᠢᠯᠳᠠ ᠦᠭᠬᠦᠶ᠎ᠡ᠃ ᠨᠡᠶᠢᠭᠡᠮ ᠤᠨ ᠦᠢᠯᠡᠴᠢᠯᠡᠭᠡ ᠶᠢ ᠴᠢᠩᠭᠠᠳᠬᠠᠨ᠂ ᠵᠢᠷᠮᠤᠰᠦᠨ ᠪᠠ ᠬᠦᠩᠭᠡᠵᠢᠭᠰᠡᠨ ᠡᠮᠡᠭᠳᠡᠶᠢᠴᠤᠳ᠂ ᠭᠡᠤᠭᠡᠳ ᠤᠳ ᠵᠡᠷᠭᠡ ᠤᠨᠴᠠᠭᠠᠢ ᠬᠦᠮᠦᠰ ᠢ ᠤᠷᠢᠳ ᠢᠶᠠᠷ ᠪᠠᠳᠤᠯᠠᠵᠤ᠂ ᠶᠠᠳᠠᠭᠤ ᠬᠦᠴᠢᠷᠳᠡᠯᠳᠠᠢ ᠡᠮᠡᠭᠳᠠᠶᠢᠴᠤᠳ᠂ ᠨᠠᠰᠤ ᠠᠬᠢᠬᠰᠡᠨ ᠡᠮᠡᠭᠳᠠᠶᠢᠴᠤᠳ᠂ ᠵᠠᠮᠳᠡᠭ ᠡᠮᠡᠭᠳᠠᠶᠢᠴᠤᠳ ᠵᠡᠷᠭᠡ ᠶᠠᠳᠠᠭᠤ ᠬᠦᠴᠢᠷᠳᠡᠯᠳᠠᠢ ᠬᠦᠮᠦᠰ ᠢ ᠤᠨᠴᠠᠭᠠᠢᠢᠯᠠᠨ ᠬᠠᠯᠠᠮᠵᠢᠯᠠᠵᠤ᠂ ᠲᠡᠳᠡᠨ ᠳᠤ ᠰᠠᠶᠢᠨ ᠶᠠᠪᠤᠳᠠᠯ ᠬᠢᠵᠤ᠂ ᠬᠦᠴᠢᠷ ᠠᠰᠠᠭᠤᠳᠠᠯ ᠢ ᠨᠢ ᠰᠢᠢᠳᠪᠤᠷᠢᠯᠡᠨ᠂ ᠪᠤᠳᠠᠳᠠᠢ ᠶᠠᠪᠤᠲᠠᠯ ᠬᠢᠵᠤ ᠦᠭᠭᠦᠶ᠎ᠡ᠃    ᠬᠤᠶᠠᠳᠤᠭᠠᠷ ᠲᠤ᠂ ᠡᠷᠡᠭᠳᠠᠢ ᠡᠮᠡᠭᠳᠠᠢ ᠡᠷᠭᠡ ᠲᠡᠭᠰᠢ ᠪᠠᠶᠢᠬᠤ ᠶᠢ ᠪᠤᠳᠠᠳᠠᠢ ᠳᠤ ᠨᠠᠶᠢᠳᠠᠪᠤᠷᠢᠵᠢᠭᠤᠯᠤᠶ᠎ᠡ᠃ ᠡᠮᠡᠭᠳᠠᠶᠢᠴᠤᠳ ᠤᠨ ᠡᠷᠭᠡ ᠠᠰᠢᠭ ᠢ ᠪᠠᠳᠤᠯᠠᠬᠤ ᠶᠢ ᠡᠷᠬᠡᠪᠰᠢ ᠤᠯᠤᠰ ᠤᠨ ᠰᠠᠨᠠᠭ᠎ᠠ ᠵᠤᠷᠢᠭ ᠪᠤᠯᠭᠠᠨ ᠲᠡᠭᠡᠭᠰᠢᠯᠡᠬᠦᠯᠬᠦ ᠴᠢᠬᠤᠯᠠᠳᠠᠢ᠃ ᠬᠢᠵᠢᠭ ᠤᠨ ᠲᠠᠷᠡᠭᠠᠬᠢ ᠰᠡᠷᠬᠦᠯᠳᠠ ᠪᠠᠷ ᠠᠵᠠ ᠲᠤᠬᠢᠶᠠᠯ ᠪᠤᠯᠭᠠᠨ᠂ ᠡᠮᠡᠭᠳᠠᠶᠢᠴᠤᠳ ᠤᠨ ᠵᠠᠰᠠᠭ ᠤᠨ ᠶᠠᠪᠤᠳᠠᠯ ᠳᠤ ᠤᠷᠤᠯᠴᠠᠬᠤ ᠳᠤ ᠰᠢᠨ᠎ᠡ ᠲᠤᠬᠢᠶᠠᠯ ᠬᠠᠨᠭ᠍ᠭᠠᠨ ᠦᠭᠴᠦ᠂ ᠡᠮᠡᠭᠳᠠᠶᠢᠴᠤᠳ ᠤᠨ ᠲᠦᠷᠦ ᠪᠠ ᠠᠵᠤ ᠠᠬᠤᠢ ᠰᠤᠶᠤᠯ ᠨᠡᠶᠢᠭᠡᠮ ᠤᠨ ᠭᠡᠷᠡᠭ ᠶᠠᠪᠤᠳᠠᠯ ᠤᠨ ᠬᠠᠮᠢᠶᠡᠷᠤᠯᠳᠠ ᠳᠤ ᠤᠷᠤᠯᠴᠠᠬᠤ ᠲᠦᠪᠰᠢᠨ ᠢ ᠲᠡᠭᠡᠭᠰᠢᠯᠡᠬᠦᠯᠤᠶ᠎ᠡ ᠃ ᠡᠮᠡᠭᠳᠠᠶᠢᠴᠤᠳ ᠲᠤ ᠴᠢᠭᠯᠡᠬᠦᠯᠦᠭᠰᠡᠨ ᠬᠡᠯᠪᠠᠶᠢᠬᠦᠤ ᠦᠵᠡᠯᠳᠠ᠂ ᠭᠠᠳᠠᠭᠤᠷᠴᠢᠯᠠᠯ᠂ ᠬᠦᠴᠦᠷᠭᠡᠭᠯᠡᠯ ᠢ ᠠᠷᠢᠯᠭᠠᠵᠤ᠂ ᠡᠷᠡᠭᠳᠠᠢ ᠡᠮᠡᠭᠳᠠᠢ ᠡᠷᠭᠡ ᠲᠡᠭᠰᠢ ᠪᠠᠶᠢᠬᠤ ᠶᠢ ᠦᠨᠡᠨ ᠬᠦ ᠪᠦᠬᠦ ᠨᠡᠶᠢᠭᠡᠮ ᠤᠨ ᠬᠠᠮᠳᠤ ᠪᠠᠷ ᠵᠢᠷᠤᠮᠯᠠᠬᠤ ᠠᠵᠢᠯᠯᠠᠭᠠᠨ ᠤ ᠲᠦᠷᠢᠮᠵᠢᠯ ᠪᠠ ᠦᠷᠳᠡᠭ ᠤᠨ ᠪᠠᠷᠢᠮᠵᠢᠶ᠎ᠡ ᠪᠤᠯᠭᠠᠶ᠎ᠡ᠃    ᠭᠤᠷᠪᠠᠳᠤᠭᠠᠷ ᠲᠤ᠂ ᠡᠮᠡᠭᠳᠠᠶᠢᠴᠤᠳ ᠤᠨ ᠴᠠᠭ ᠦᠶ᠎ᠡ ᠶᠢᠨ ᠡᠮᠤᠨ᠎ᠡ ᠡᠩᠨᠠᠭᠡᠨ ᠳᠤ ᠬᠤᠰᠢᠭᠤᠷᠠᠬᠤ ᠶᠢ ᠠᠬᠢᠭᠤᠯᠤᠶ᠎ᠡ᠃ ᠬᠦᠭᠵᠢᠯᠳᠠ ᠶᠢᠨ ᠲᠤᠮᠳᠠ ᠡᠮᠡᠭᠳᠠᠶᠢᠴᠤᠳ ᠤᠨ ᠡᠷᠭᠡ ᠠᠰᠢᠭ ᠢ ᠬᠠᠮᠠᠭᠠᠯᠠᠬᠤ ᠶᠢ ᠪᠠᠷᠢᠮᠳᠠᠯᠠᠵᠤ᠂ ᠬᠦᠭᠵᠢᠯᠳᠠ ᠳᠤ ᠲᠦᠰᠢᠭᠯᠡᠨ ᠡᠮᠡᠭᠳᠠᠶᠢᠴᠤᠳ ᠤᠨ ᠠᠮᠢᠳᠤᠷᠠᠯ ᠢ ᠰᠠᠶᠢᠵᠢᠷᠠᠭᠤᠯᠵᠤ᠂ ᠡᠮᠡᠭᠳᠠᠶᠢᠴᠤᠳ ᠤᠨ ᠠᠵᠢᠯ ᠦᠢᠯᠡᠰ ᠪᠠ ᠠᠵᠤ ᠠᠬᠤᠢ ᠨᠡᠶᠢᠭᠡᠮ ᠤᠨ ᠢᠵᠢᠯᠢ ᠠᠯᠬᠤᠮ ᠢᠶᠠᠷ ᠬᠦᠭᠵᠢᠬᠦ ᠶᠢ ᠪᠠᠶᠠᠯᠡᠬᠦᠯᠤᠶ᠎ᠡ᠃ ᠦᠷᠭᠡᠨ ᠤᠯᠠᠨ ᠡᠮᠡᠭᠳᠠᠶᠢᠴᠤᠳ ᠤᠨ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠳᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠤ᠂ ᠲᠡᠳᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠤᠶ᠎ᠡ᠃ ᠵᠠᠰᠠᠬ ᠤᠨ ᠤᠷᠳᠤᠨ ᠤ ᠤᠢᠢᠯᠡᠳᠤᠯ ᠢ ᠬᠦᠢᠴᠡᠳ ᠪᠠᠳᠠᠷᠠᠭᠤᠯᠵᠤ᠂ ᠨᠡᠶᠢᠬᠡᠮ ᠤᠨ ᠬᠦᠴᠤᠨ ᠢ ᠦᠷᠬᠡᠨ ᠢᠶᠠᠷ ᠲᠠᠶᠢᠴᠢᠯᠠᠨ᠂ ᠡᠮᠡᠭᠳᠠᠶᠢᠴᠤᠳ ᠢ ᠬᠠᠪᠰᠤᠷᠤᠨ ᠲᠡᠮᠵᠢᠵᠤ ᠬᠦᠮᠤᠨ ᠤ ᠠᠮᠢᠳᠤᠷᠠᠯ ᠤᠨ ᠦᠡᠭᠭᠡ ᠬᠢᠯᠪᠠᠭ᠎ᠠ ᠶᠢ ᠨᠢ ᠰᠠᠴᠤᠷᠠᠭᠤᠯᠤᠶ᠎ᠠ᠃    ᠲᠦᠷᠪᠡᠳᠤᠭᠡᠷ ᠲᠤ᠂ ᠪᠦᠬᠦ ᠪᠦᠮᠪᠦᠷᠴᠡᠭ ᠤᠨ ᠡᠮᠡᠭᠳᠠᠶᠢᠴᠤᠳ ᠤᠨ ᠠᠵᠢᠯ ᠤᠢᠢᠯᠡᠰ ᠤᠨ ᠬᠠᠮᠳᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠡᠮᠡᠭᠳᠠᠶᠢᠴᠤᠳ ᠤᠨ ᠠᠵᠢᠯ ᠢ ᠡᠩ ᠲᠡᠷᠢᠬᠦᠨ ᠳᠤ ᠲᠠᠯᠪᠢᠬᠤ ᠶᠢ ᠲᠡᠮᠵᠢᠵᠤ᠂ ᠬᠦᠴᠦᠷᠭᠡᠭᠯᠡᠯ᠂ ᠭᠠᠳᠠᠭᠤᠷᠴᠢᠯᠠᠯ᠂ ᠶᠠᠳᠠᠭᠤ ᠬᠦᠴᠢᠷᠳᠠᠯ ᠵᠡᠷᠬᠡ ᠬᠠᠭᠤᠴᠢᠨ ᠠᠰᠠᠭᠤᠳᠠᠯ ᠢ ᠰᠢᠢᠳᠪᠤᠷᠢᠯᠡᠬᠦ ᠲᠠᠯ᠎ᠠ ᠪᠠᠷ ᠬᠢ ᠤᠷᠤᠭᠤᠯᠤᠯᠳᠠ ᠪᠠᠨ ᠨᠡᠮᠡᠭᠳᠡᠬᠦᠯᠦᠨ᠂ ᠬᠦᠢᠰᠤ ᠢᠯᠭᠠᠯ ᠤᠨ ᠲᠠᠯ᠎ᠠ ᠪᠠᠷ ᠬᠢ ᠮᠡᠳᠡᠭᠡ ᠵᠠᠩᠬᠢ ᠶᠢᠨ ᠵᠠᠪᠰᠠᠷ ᠵᠠᠭᠠᠭ ᠵᠡᠷᠬᠡ ᠰᠢᠨ᠎ᠠ ᠦᠷᠢᠰᠤᠯᠳᠤᠬᠡᠨ ᠢ ᠰᠢᠢᠳᠪᠤᠷᠢᠯᠡᠬᠦ ᠲᠠᠯ᠎ᠠ ᠪᠠᠷ ᠪᠤᠳᠠᠳᠠᠢ ᠠᠵᠢᠯ ᠬᠢᠵᠤ᠂ ᠡᠮᠡᠭᠳᠠᠶᠢᠴᠤᠳ ᠤᠨ ᠬᠠᠷᠠᠯᠳᠠ ᠶᠢ 2030 ᠤᠨ ᠤ ᠵᠦᠪᠯᠡᠬᠦ ᠵᠦᠢᠯ ᠤᠨ ᠡᠮᠤᠨᠡᠬᠢ ᠬᠤᠭᠤᠴᠠᠭᠠᠨ ᠤ ᠤᠯᠤᠯᠲᠠ ᠠᠮᠵᠢᠯᠲᠠ ᠪᠤᠯᠭᠠᠶ᠎ᠠ᠃    ᠰᠢ ᠶᠢᠨ ᠫᠢᠩ᠂ ᠡᠷᠡᠭᠳᠠᠢ ᠡᠮᠡᠭᠳᠠᠢ ᠡᠷᠬᠡ ᠲᠡᠭᠰᠢ ᠪᠠᠶᠢᠬᠤ ᠪᠤᠯ ᠳᠤᠮᠳᠠᠳᠤ ᠤᠯᠤᠰ ᠤᠨ ᠦᠨᠳᠤᠰᠤᠨ ᠤᠯᠤᠰ ᠤᠨ ᠪᠤᠳᠤᠯᠭ᠎ᠠ ᠮᠦᠨ᠃ ᠳᠤᠮᠳᠠᠳᠤ ᠤᠯᠤᠰ 100 ᠭᠠᠷᠤᠢ ᠢᠵᠢ ᠬᠠᠤᠯᠢ ᠴᠠᠭᠠᠵᠠ ᠬᠠᠤᠯᠢ ᠲᠦᠷᠢᠮ ᠢ ᠪᠠᠭᠳᠠᠭᠠᠬᠰᠠᠨ ᠡᠮᠡᠭᠳᠠᠶᠢᠴᠤᠳ ᠤᠨ ᠡᠷᠬᠡ ᠠᠰᠢᠬ ᠢ ᠪᠦᠬᠦ ᠲᠠᠯ᠎ᠠ ᠪᠠᠷ ᠬᠠᠮᠠᠭᠠᠯᠠᠬᠤ ᠬᠠᠤᠯᠢ ᠴᠠᠭᠠᠵᠠ ᠶᠢᠨ ᠰᠢᠰᠲ᠋ᠧᠮ ᠢ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠬᠦᠢᠰᠤ ᠢᠯᠭᠠᠯ ᠤᠨ ᠵᠦᠷᠢᠶ᠎ᠠ ᠶᠢ ᠦᠨᠳᠤᠰᠤᠨ ᠳᠡᠭᠡᠨ ᠠᠷᠢᠯᠭᠠᠵᠤ᠂ ᠪᠦᠬᠦ ᠨᠡᠶᠢᠬᠡᠮ ᠤᠨ ᠠᠵᠢᠯ ᠤᠯᠤᠬᠰᠠᠨ ᠬᠦᠮᠤᠰ ᠲᠠᠬᠢ ᠡᠮᠡᠭᠳᠠᠶᠢᠴᠤᠳ ᠤᠨ ᠬᠠᠷᠢᠴᠠᠯ 40% ᠶᠢ ᠲᠠᠪᠠᠵᠠᠢ᠃ 5 ᠵᠢᠯ ᠤᠨ ᠡᠮᠤᠨ᠎ᠠ᠂ ᠪᠢ ᠪᠦᠬᠦ ᠳᠡᠯᠡᠭᠡᠢ ᠶᠢᠨ ᠡᠮᠡᠭᠳᠠᠶᠢᠴᠤᠳ ᠤᠨ ᠲᠦᠷᠤᠬᠦᠴᠤᠳ ᠤᠨ ᠬᠤᠷᠠᠯ ᠬᠤᠷᠠᠯᠳᠤᠭᠤᠯᠬᠤ ᠶᠢ ᠰᠠᠨᠠᠭᠠᠴᠢᠯᠠᠵᠤ᠂ ᠠᠯᠢ ᠤᠯᠠᠨ ᠪᠦᠬᠦ ᠪᠦᠮᠪᠦᠷᠴᠡᠭ ᠤᠨ ᠬᠠᠮᠳᠤᠷᠠᠯᠴᠠᠭᠠᠨ ᠤ ᠰᠠᠨᠠᠭᠠᠴᠢᠯᠠᠭ᠎ᠠ ᠲᠤᠷᠠᠳᠴᠤ᠂ ᠨᠢᠬᠡᠨᠳᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠬᠰᠠᠨ ᠪᠠᠶᠢᠨ᠎ᠠ᠃ ᠪᠢᠳᠠ ᠪᠦᠬᠦ ᠪᠦᠮᠪᠦᠷᠴᠡᠭ ᠤᠨ ᠡᠮᠡᠭᠳᠠᠶᠢᠴᠤᠳ ᠤᠨ ᠤᠢᠢᠯᠡᠰ ᠢ ᠲᠡᠮᠵᠢᠬᠦ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠤᠨ᠎ᠠ᠃ ᠳᠤᠮᠳᠠᠳᠤ ᠤᠯᠤᠰ 2025 ᠤᠨ ᠳᠤ ᠪᠦᠬᠦ ᠳᠡᠯᠡᠭᠡᠢ ᠶᠢᠨ ᠡᠮᠡᠭᠳᠠᠶᠢᠴᠤᠳ ᠤᠨ ᠲᠦᠷᠤᠬᠦᠴᠤᠳ ᠤᠨ ᠬᠤᠷᠠᠯ ᠢ ᠲᠠᠬᠢᠨ ᠬᠤᠷᠠᠯᠳᠤᠭᠤᠯᠬᠤ ᠪᠠᠷ ᠰᠠᠨᠠᠭᠠᠴᠢᠯᠠᠵᠤ ᠪᠠᠶᠢᠨ᠎ᠠ ᠬᠡᠵᠤ ᠴᠢᠬᠤᠯᠠᠴᠢᠯᠠᠪᠠ᠃    ᠰᠢ ᠶᠢᠨ ᠫᠢᠩ ᠶᠠᠷᠢᠶᠠᠨ ᠤ ᠪᠠᠨ ᠲᠡᠬᠦᠰᠬᠡᠯ ᠳᠤ᠂ ᠡᠮᠡᠭᠳᠠᠶᠢᠴᠤᠳ ᠢ ᠦᠯᠤ ᠭᠠᠳᠠᠭᠤᠷᠴᠢᠯᠠᠬᠤ ᠲᠡᠯᠡᠬᠡᠢ ᠶᠢᠷᠳᠢᠨᠴᠤ ᠶᠢ ᠪᠠᠶᠢᠭᠤᠯᠵᠤ ᠪᠠᠭᠳᠠᠭᠠᠮᠵᠢᠳᠤ ᠬᠦᠭᠵᠢᠯᠳᠠ ᠲᠠᠢ ᠨᠡᠶᠢᠬᠡᠮ ᠢ ᠴᠤᠬᠴᠠᠯᠠᠬᠤ ᠳᠤ ᠪᠠᠰᠠ ᠨᠡᠯᠢᠶᠡᠳ ᠬᠤᠯᠠ ᠵᠠᠮ ᠢ ᠡᠪᠬᠡᠬᠦ ᠴᠢᠬᠤᠯᠠᠳᠠᠢ ᠪᠠᠶᠢᠵᠤ᠂ ᠨᠡᠩ ᠶᠡᠭᠡ ᠴᠢᠷᠮᠠᠶᠢᠯᠭ᠎ᠠ ᠭᠠᠷᠭᠠᠬᠤ ᠶᠢ ᠱᠠᠭᠠᠷᠳᠠᠵᠤ ᠪᠠᠶᠢᠨ᠎ᠠ᠃ ᠪᠢᠳᠠ ᠦᠷᠬᠦᠯᠵᠢᠯᠠᠨ ᠭᠠᠷ ᠬᠤᠯᠪᠤᠨ ᠴᠢᠷᠮᠠᠶᠢᠵᠤ᠂ ᠡᠷᠡᠭᠳᠠᠢ ᠡᠮᠡᠭᠳᠠᠢ ᠡᠷᠬᠡ ᠲᠡᠭᠰᠢ ᠪᠠᠶᠢᠬᠤ ᠶᠢ ᠲᠦᠷᠬᠡᠳᠬᠡᠨ ᠪᠡᠶᠡᠯᠡᠬᠦᠯᠵᠤ᠂ ᠪᠦᠬᠦ ᠪᠦᠮᠪᠦᠷᠴᠡᠭ ᠤᠨ ᠡᠮᠡᠭᠳᠠᠶᠢᠴᠤᠳ ᠤᠨ ᠠᠵᠢᠯ ᠤᠢᠢᠯᠡᠰ ᠤᠨ ᠬᠦᠭᠵᠢᠯᠳᠠ ᠶᠢ ᠠᠬᠢᠭᠤᠯᠤᠶ᠎ᠠ ᠭᠡᠵᠦ ᠵᠢᠭᠠᠵᠦ ᠭᠠᠷᠭᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号