ᠰᠢ ᠶᠢᠨ ᠫᠢᠩ ᠪᠤᠯᠤᠨ ᠰᠢᠩᠭᠠᠫᠤᠷ ᠤᠨ ᠶᠡᠷᠦᠩᠭᠡᠶᠢᠯᠡᠭᠴᠢ ᠬᠠᠯᠢᠮᠠ ᠳᠤᠮᠳᠠᠳᠤ ᠰᠢᠩᠭᠠᠫᠤᠷ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/10/10
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 3 ᠤ ᠴᠠᠬᠢᠯᠭᠠᠨ ᠮᠡᠳᠡᠭᠡ 10 ᠰᠠᠷ᠎ᠠ ᠶᠢᠨ 3 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠤᠯᠤᠨ ᠰᠢᠩᠭᠠᠫᠤᠷ ᠤᠨ ᠶᠡᠷᠦᠩᠭᠡᠶᠢᠯᠡᠭᠴᠢ ᠬᠠᠯᠢᠮᠠ ᠳᠤᠮᠳᠠᠳᠤ ᠰᠢᠩᠭᠠᠫᠤᠷ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃    ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠦᠩᠭᠡᠷᠡᠭᠰᠡᠨ 30 ᠵᠢᠯ ᠳᠤ ᠤᠷᠪᠠᠭᠠᠨ ᠬᠦᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠠ᠂ ᠳᠤᠮᠳᠠᠳᠤ ᠰᠢᠩᠭᠠᠫᠤᠷ ᠬᠤᠶᠠᠷ ᠤᠯᠤᠰ ᠬᠠᠷᠢᠯᠴᠠᠨ ᠤᠢᠢᠯᠠᠭᠠᠯᠴᠠᠨ ᠬᠠᠷᠢᠯᠴᠠᠨ ᠳᠡᠮᠵᠢᠯᠴᠡᠵᠤ᠂ ᠴᠠᠭ ᠦᠶ᠎ᠠ ᠲᠠᠢ ᠵᠡᠷᠭᠡ ᠪᠠᠷ ᠤᠷᠤᠬᠰᠢᠯᠠᠨ ᠬᠤᠶᠠᠷ ᠲᠠᠯ᠎ᠠ ᠶᠢᠨ ᠬᠠᠷᠢᠯᠴᠠᠭᠠᠨ ᠤ ᠬᠦᠭᠵᠢᠯᠳᠠ ᠶᠢ ᠠᠬᠢᠭᠤᠯᠪᠠ᠃ ᠬᠤᠶᠠᠷ ᠤᠯᠤᠰ ᠤᠨ ᠬᠠᠮᠳᠤᠷᠠᠯᠴᠠᠭ᠎ᠠ ᠬᠤᠶᠠᠷ ᠲᠠᠯ᠎ᠠ ᠶᠢᠨ ᠬᠡᠪᠴᠢᠶᠠᠨ ᠠᠴᠠ ᠲᠠᠪᠠᠵᠦ᠂ ᠭᠠᠵᠠᠷ ᠤᠷᠤᠨ ᠪᠠ ᠳᠡᠯᠡᠬᠡᠢ ᠶᠢᠨ ᠲᠠᠪᠬᠤᠷᠭ᠎ᠠ ᠳᠤ ᠵᠢᠱᠢᠶ᠎ᠠ ᠦᠵᠡᠬᠦᠯᠬᠦ ᠦᠢᠯᠡᠳᠦᠯ ᠦᠵᠡᠭᠦᠯᠵᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠤᠳᠤᠬᠠᠨ ᠤ ᠳᠡᠯᠡᠭᠡᠢ ᠶᠢᠷᠳᠢᠨᠴᠦ ᠶᠠᠭ ᠵᠠᠭᠤᠨ ᠵᠢᠯ ᠳᠤ ᠲᠤᠬᠢᠶᠠᠯᠳᠤᠭᠠᠳᠤᠢ ᠶᠡᠭᠡ ᠬᠤᠪᠢᠰᠤᠯᠳᠠ ᠶᠢ ᠦᠩᠭᠡᠷᠡᠬᠦᠯᠵᠦ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠳᠡᠯᠭᠡᠷᠡᠵᠦ᠂ ᠡᠯ᠎ᠠ ᠤᠯᠤᠰ ᠤᠨ ᠬᠢᠨ ᠬᠢᠵᠢᠭ ᠲᠠᠢ ᠲᠡᠮᠡᠴᠡᠬᠦ ᠪᠠ ᠠᠵᠤ ᠠᠬᠤᠢ ᠪᠠᠨ ᠰᠡᠷᠬᠦᠭᠡᠬᠦ ᠲᠠᠪᠬᠤᠷ ᠦᠷᠢᠰᠦᠯᠳᠦᠭᠡᠨ ᠳᠤ ᠲᠤᠯᠭᠠᠷᠡᠵᠦ ᠪᠠᠶᠢᠨ᠎ᠠ᠃ ᠪᠢ ᠳᠤᠮᠳᠠᠳᠤ ᠰᠢᠩᠭᠠᠫᠤᠷ ᠤᠨ ᠬᠠᠷᠢᠯᠴᠠᠭᠠᠨ ᠤ ᠬᠦᠭᠵᠢᠯᠳᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠨ᠎ᠠ᠃ ᠳᠤᠮᠳᠠᠳᠤ ᠤᠯᠤᠰ ᠳᠤᠷᠠᠳᠠᠶ᠎ᠠ ᠰᠢᠩᠭᠠᠫᠤᠷ ᠤᠨ ᠬᠢᠨ ᠲᠠᠢ ᠬᠠᠮᠳᠤ ᠪᠠᠷ ᠴᠢᠷᠮᠠᠶᠢᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠪᠠᠷ ᠬᠠᠮᠳᠤ ᠪᠠᠷ ᠪᠦᠳᠦᠭᠡᠨ ᠪᠠᠶᠢᠭᠤᠯᠬᠤ ᠪᠠᠷ ᠭᠤᠤᠯ ᠰᠢᠵᠢᠮ ᠪᠤᠯᠭᠠᠨ᠂ ᠡᠯ᠎ᠠ ᠬᠦᠷᠢᠶᠡᠨ ᠤ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠤᠯᠠᠨ ᠲᠠᠯᠠᠳᠦ ᠦᠵᠡᠯ ᠪᠤᠯᠤᠨ ᠴᠢᠯᠦᠭᠡᠳᠦ ᠠᠷᠠᠯᠵᠢᠶ᠎ᠠ ᠶᠢ ᠬᠠᠮᠳᠤ ᠪᠠᠷ ᠬᠠᠮᠠᠭᠠᠯᠠᠨ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠶᠡᠭᠡ ᠬᠦᠭᠵᠢᠯᠳᠠ ᠲᠠᠢ ᠪᠤᠯᠬᠤ ᠶᠢ ᠠᠬᠢᠭᠤᠯᠵᠦ᠂ ᠭᠠᠵᠠᠷ ᠤᠷᠤᠨ ᠪᠤᠯᠤᠨ ᠳᠡᠯᠡᠭᠡᠢ ᠶᠢᠨ ᠲᠤᠭᠳᠠᠭᠤᠨ ᠪᠠ ᠬᠦᠭᠵᠢᠯ ᠴᠡᠴᠡᠭᠯᠡᠯ ᠳᠤ ᠢᠳᠡᠪᠬᠢᠳᠠᠢ ᠬᠤᠪᠢ ᠨᠡᠮᠡᠷᠢ ᠦᠵᠡᠬᠦᠯᠦᠨ᠎ᠠ ᠭᠡᠵᠦ ᠵᠢᠭᠠᠵᠦ ᠭᠠᠷᠭᠠᠪᠠ᠃    ᠬᠠᠯᠢᠮᠠ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠢᠩᠭᠠᠫᠤᠷ ᠳᠤᠮᠳᠠᠳᠤ ᠶᠢᠨ ᠬᠠᠷᠢᠯᠴᠠᠭ᠎ᠠ 30 ᠵᠢᠯ ᠤᠨ ᠲᠤᠷᠰᠢ ᠦᠷᠨᠢᠬᠦᠨ ᠬᠦᠭᠵᠢᠵᠦ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠦᠷᠬᠦᠯᠵᠢᠯᠡᠨ ᠠᠬᠢᠵᠦ᠂ ᠰᠤᠶᠤᠯ ᠢᠷᠭᠡᠨᠰᠢᠯ ᠤᠨ ᠬᠤᠯᠪᠤᠭᠠᠰᠤ ᠡᠳᠦᠷ ᠢᠷᠡᠬᠦᠶ᠎ᠠ ᠨᠢᠬᠳᠠ ᠴᠢᠩᠭ᠎ᠠ ᠪᠤᠯᠪᠠ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠬᠤᠶᠠᠷ ᠤᠯᠤᠰ ᠢᠶᠠᠷ ᠢᠶᠠᠨ ᠬᠠᠷᠢᠯᠴᠠᠨ ᠲᠤᠰᠠᠯᠠᠯᠴᠠᠵᠦ᠂ ᠠᠵᠤ ᠠᠬᠤᠢ ᠶᠢᠨ ᠰᠡᠷᠬᠦᠯᠳᠠ ᠶᠢ ᠬᠠᠮᠳᠤ ᠪᠠᠷ ᠠᠬᠢᠭᠤᠯᠵᠤ᠂ ᠠᠷᠠᠯᠵᠢᠶᠠᠨ ᠤ ᠰᠢᠭᠤᠳ ᠰᠢᠯᠤᠭᠤᠨ ᠨᠡᠪᠳᠡᠷᠡᠯᠬᠡ ᠪᠤᠯᠤᠨ ᠬᠠᠩᠭᠠᠯᠭ᠎ᠠ ᠶᠢᠨ ᠭᠡᠯᠬᠢᠶᠠᠨ ᠤ ᠲᠤᠬᠳᠠᠭᠤᠨ ᠢ ᠬᠠᠮᠳᠤ ᠪᠠᠷ ᠬᠠᠮᠠᠭᠠᠯᠠᠵᠦ᠂ ᠪᠠᠰᠠ ᠮᠠᠰᠢ ᠤᠯᠠᠨ ᠰᠢᠨ᠎ᠠ ᠬᠠᠮᠳᠤᠷᠠᠯᠴᠠᠭᠠᠨ ᠤ ᠬᠦᠷᠢᠶ᠎ᠠ ᠶᠢ ᠨᠡᠭᠡᠭᠡᠵᠡᠢ᠃ ᠬᠤᠶᠠᠷ ᠤᠯᠤᠰ ᠤᠨ ᠬᠠᠷᠢᠯᠴᠠᠭ᠎ᠠ ᠢᠷᠡᠬᠡᠳᠤᠢ ᠶᠢᠨ 30 ᠵᠢᠯ ᠳᠤ ᠨᠡᠩ ᠶᠡᠭᠡ ᠬᠦᠭᠵᠢᠯᠳᠠ ᠲᠠᠢ ᠪᠤᠯᠤᠨ᠎ᠠ ᠭᠡᠳᠡᠭ ᠢ ᠪᠢ ᠪᠠᠳᠤ ᠢᠳᠡᠭᠡᠵᠦ ᠪᠠᠶᠢᠨ᠎ᠠ ᠭᠡᠵᠦ ᠢᠯᠡᠳᠭᠡᠪᠠ᠃    ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠪᠤᠯᠤᠨ ᠰᠢᠩᠭᠠᠫᠤᠷ ᠤᠨ ᠶᠡᠷᠦᠩᠭᠡᠢ ᠰᠠᠶᠢᠳ ᠯᠢ ᠰᠢᠶᠠᠨ ᠯᠦᠩ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠺᠧ ᠴᠢᠶᠠᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠤᠯᠤᠰ ᠳᠤᠷᠠᠳᠠᠶ᠎ᠠ ᠰᠢᠩᠭᠠᠫᠤᠷ ᠤᠨ ᠬᠢᠨ ᠲᠠᠢ ᠬᠠᠮᠳᠤ ᠪᠠᠷ ᠴᠢᠷᠮᠠᠶᠢᠵᠦ᠂ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠳᠤᠬᠢᠶᠠᠯ ᠪᠤᠯᠭᠠᠨ᠂ ᠴᠠᠭ ᠦᠶ᠎ᠠ ᠲᠠᠢ ᠵᠡᠷᠭᠡ ᠪᠠᠷ ᠤᠷᠤᠬᠰᠢᠯᠠᠵᠤ ᠵᠠᠮ ᠨᠡᠭᠡᠭᠡᠨ ᠰᠢᠨ᠎ᠠ ᠶᠢ ᠡᠬᠦᠳᠬᠦ ᠶᠢ ᠪᠠᠷᠢᠮᠳᠠᠯᠠᠵᠦ᠂ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠪᠠᠨ ᠬᠦᠨᠵᠡᠭᠡᠶᠢᠷᠡᠬᠦᠯᠦᠨ᠂ ᠬᠤᠶᠠᠷ ᠤᠯᠤᠰ ᠵᠢᠴᠢ ᠲᠤᠰ ᠭᠠᠵᠠᠷ ᠤᠷᠤᠨ ᠤ ᠪᠠᠨ ᠦᠷᠢᠰᠦᠯᠳᠦᠭᠡᠨ ᠢ ᠢᠯᠠᠨ ᠲᠠᠪᠠᠭ᠋ᠤ ᠳᠤ ᠬᠦᠴᠦᠨ ᠨᠡᠮᠡᠷᠢᠯᠡᠵᠦ᠂ ᠨᠡᠩ ᠰᠠᠶᠢᠨ ᠰᠠᠶᠢᠬᠠᠨ ᠬᠦᠭᠵᠢᠯᠳᠠ ᠶᠢᠨ ᠢᠷᠡᠭᠡᠳᠦᠢ ᠶᠢ ᠤᠬᠳᠤᠨ᠎ᠠ ᠭᠡᠵᠦ ᠢᠯᠡᠳᠭᠡᠪᠡ᠃    ᠯᠢ ᠰᠢᠶᠠᠨ ᠯᠦᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠢᠩᠭᠠᠫᠤᠷ ᠳᠤᠮᠳᠠᠳᠤ ᠬᠤᠶᠠᠷ ᠤᠯᠤᠰ ᠤᠯᠠᠨ ᠵᠢᠯ ᠤᠨ ᠲᠤᠷᠰᠢ ᠴᠢᠩᠭ᠎ᠠ ᠡᠷᠴᠢᠮᠳᠠᠢ ᠬᠠᠷᠢᠯᠴᠠᠨ ᠬᠠᠷᠠᠭᠠᠯᠵᠠᠬᠤ ᠭᠠᠳᠠᠭᠠᠳᠦ ᠬᠠᠷᠢᠯᠴᠠᠭ᠎ᠠ ᠶᠢ ᠪᠠᠶᠢᠭᠤᠯᠵᠤ᠂ ᠭᠠᠵᠠᠷ ᠤᠷᠤᠨ ᠪᠠ ᠤᠯᠠᠨ ᠤᠯᠤᠰ ᠤᠨ ᠲᠠᠪᠴᠠᠩ ᠳᠡᠭᠡᠷ᠎ᠠ ᠰᠠᠶᠢᠨ ᠰᠠᠶᠢᠬᠠᠨ ᠬᠠᠮᠳᠤᠷᠠᠯᠴᠠᠭ᠎ᠠ ᠪᠠᠨ ᠪᠠᠳᠤᠯᠠᠪᠠ᠃ ᠰᠢᠩᠭᠠᠫᠤᠷ ᠤᠨ ᠲᠠᠯ᠎ᠠ ᠶᠢᠨ ᠬᠢᠨ ᠳᠤᠷᠠᠳᠠᠶ᠎ᠠ ᠳᠤᠮᠳᠠᠳᠤ ᠤᠯᠤᠰ ᠲᠠᠢ ᠬᠠᠮᠳᠤ ᠪᠠᠷ ᠤᠳᠤᠬᠠᠨ ᠤ ᠳᠡᠯᠡᠭᠡᠢ ᠶᠢᠨ ᠤᠯᠠᠨ ᠲᠠᠯᠠᠳᠦ ᠪᠤᠷᠤ ᠲᠦᠯᠦᠪ ᠢ ᠪᠠᠬᠢᠵᠢᠬᠦᠯᠦᠨ ᠬᠠᠮᠠᠭᠠᠯᠠᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠦᠨᠳᠦᠷ ᠲᠦᠪᠰᠢᠨ ᠳᠤ ᠭᠠᠷᠬᠤ ᠶᠢ ᠠᠬᠢᠭᠤᠯᠤᠨ᠎ᠠ ᠭᠡᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号