ᠰᠢ ᠶᠢᠨ ᠫᠢᠩ ᠶᠡᠷᠦᠩᠭᠡᠶᠢᠯᠡᠭᠴᠢ ᠲᠧᠷᠠᠮᠫᠦ᠋ ᠳᠤ ᠲᠤᠭᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/10/10
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 3 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 10 ᠰᠠᠷ᠎ᠠ ᠶᠢᠨ 3 ᠤ ᠡᠳᠦᠷ ᠠᠮᠧᠷᠢᠺᠠ ᠶᠢᠨ ᠶᠡᠷᠦᠩᠭᠡᠶᠢᠯᠡᠭᠴᠢ ᠲᠧᠷᠠᠮᠫᠦ᠋ ᠳᠤ ᠴᠠᠬᠢᠯᠭᠠᠨ ᠴᠢᠮᠡᠭᠡ ᠶᠠᠪᠤᠭᠤᠯᠵᠤ᠂ ᠶᠡᠷᠦᠩᠭᠡᠶᠢᠯᠡᠭᠴᠢ ᠲᠧᠷᠠᠮᠫᠦ᠋ ᠡᠷ᠎ᠠ ᠡᠮ᠎ᠠ ᠬᠤᠶᠠᠭᠤᠯᠠ ᠶᠢᠨ ᠰᠢᠨ᠎ᠠ ᠳᠢᠳᠢᠮᠯᠢᠭ ᠸᠢᠷᠦ᠋ᠰ ᠲᠤ ᠬᠠᠯᠳᠠᠪᠤᠷᠢᠯᠠᠬᠳᠠᠭᠰᠠᠨ ᠲᠤᠬᠠᠢ ᠲᠤᠬᠤᠨᠢᠭᠤᠯᠵᠠᠢ᠃    ᠰᠢ ᠶᠢᠨ ᠫᠢᠩ ᠲᠤᠬᠤᠨᠢᠭᠤᠯᠬᠤ ᠴᠠᠬᠢᠯᠭᠠᠨ ᠴᠢᠮᠡᠭᠡ ᠳᠡᠭᠡᠨ᠂ ᠶᠡᠷᠦᠩᠭᠡᠶᠢᠯᠡᠭᠴᠢ ᠠᠪᠤᠭᠠᠢ ᠪᠠ ᠮᠧᠯᠠᠨᠢᠶᠠ ᠠᠪᠠᠭ᠋ᠠᠢ ᠰᠢᠨ᠎ᠠ ᠳᠢᠳᠢᠮᠯᠢᠭ ᠸᠢᠷᠦ᠋ᠰ ᠲᠤ ᠬᠠᠯᠳᠠᠪᠤᠷᠢᠯᠠᠬᠳᠠᠭᠰᠠᠨ ᠢ ᠰᠤᠨᠤᠰᠤᠭᠠᠳ᠂ ᠪᠢ ᠬᠠᠳᠤᠨ ᠫᠧᠩ ᠯᠢ ᠶᠤᠸᠠᠨ ᠲᠠᠢ ᠪᠠᠨ ᠲᠠ ᠪᠤᠯᠤᠨ ᠲᠠᠨ ᠤ ᠬᠠᠳᠤᠨ ᠢ ᠲᠤᠬᠤᠨᠢᠭᠤᠯᠵᠦ ᠪᠠᠶᠢᠬᠤ ᠪᠠᠨ ᠢᠯᠡᠳᠭᠡᠵᠦ᠂ ᠲᠠᠨ ᠨᠠᠷ ᠤᠨ ᠡᠷᠳᠡᠬᠡᠨ ᠡᠷᠡᠬᠦᠯᠵᠢᠬᠦ ᠶᠢ ᠬᠦᠰᠡᠨ ᠵᠦᠩᠨᠡᠵᠦ ᠪᠠᠶᠢᠨ᠎ᠠ ᠭᠡᠵᠦ ᠢᠯᠡᠳᠭᠡᠵᠡᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号