ᠰᠢ ᠶᠢᠨ ᠫᠢᠩ ᠪᠸᠡᠭᠭᠠᠯ ᠤᠯᠤᠰ ᠤᠨ ᠶᠡᠷᠤᠩᠭᠡᠶᠢᠯᠡᠭᠴᠢ ᠬᠠᠮᠢᠳ᠋ ᠲᠠᠢ ᠲᠤᠮᠳᠠᠳᠤ ᠪᠸᠡᠭᠭᠠᠯ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠬᠰᠡᠨ 45 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/10/10
   ᠯᠢ ᠺᠧ ᠴᠢᠶᠠᠩ ᠪᠸᠡᠭᠭᠠᠯ ᠤᠯᠤᠰ ᠤᠨ ᠶᠡᠷᠤᠩᠭᠡᠢ ᠰᠠᠶᠢᠳ ᠬᠠᠰᠢᠨᠠ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ    ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠡ ᠶᠢᠨ 4 ᠤ ᠴᠠᠬᠢᠯᠭᠠᠨ ᠮᠡᠳᠡᠭᠡ 10 ᠰᠠᠷ᠎ᠡ ᠶᠢᠨ 4 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠸᠡᠭᠭᠠᠯ ᠤᠯᠤᠰ ᠤᠨ ᠶᠡᠷᠤᠩᠭᠡᠶᠢᠯᠡᠭᠴᠢ ᠬᠠᠮᠢᠳ᠋ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠬᠰᠡᠨ 45 ᠵᠢᠯ ᠤᠨ ᠤᠢ ᠶᠢ ᠪᠠᠶᠠᠷᠯᠡᠨ ᠪᠡᠯᠭᠡᠯᠡᠪᠡ᠃    ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠪᠸᠡᠭᠭᠠᠯ ᠤᠨ ᠨᠦᠬᠦᠷᠯᠡᠯ ᠦᠨᠢ ᠤᠳᠠᠭᠠᠨ ᠲᠡᠤᠭᠡ ᠲᠠᠢ ᠪᠠᠶᠢᠵᠤ᠂ ᠡᠳᠤᠷ ᠠᠴᠠ ᠡᠳᠦᠷ ᠰᠢᠨᠡᠳᠤᠨ ᠬᠦᠭᠵᠢᠵᠦ ᠪᠠᠶᠢᠨ᠎ᠠ᠃ ᠭᠠᠳᠠᠭᠠᠳᠦ ᠬᠠᠷᠢᠯᠴᠠᠭ᠎ᠠ ᠪᠠᠶᠢᠭᠤᠯᠤᠬᠰᠡᠨ 45 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠢᠮᠠᠬᠳᠠ ᠬᠠᠷᠢᠯᠴᠠᠨ ᠬᠦᠨᠳᠤᠳᠭᠡᠨ ᠡᠷᠭᠡ ᠲᠡᠭᠰᠢ ᠪᠠᠷ ᠬᠠᠨᠳᠤᠵᠤ᠂ ᠤᠯᠤᠰ ᠲᠦᠷᠦ ᠶᠢᠨ ᠢᠳᠡᠭᠡᠯᠴᠡᠭᠡ ᠪᠠᠨ ᠨᠡᠮᠡᠭᠳᠡᠬᠦᠯᠤᠨ᠂ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠤᠳᠠᠳᠠᠢ ᠠᠵᠠ ᠵᠢᠷᠭᠠᠯ ᠠᠪᠴᠢᠷᠠᠪᠠ᠃ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠲᠤᠮᠳᠠᠳᠤ ᠪᠸᠡᠭᠭᠠᠯ ᠬᠤᠶᠠᠷ ᠤᠯᠤᠰ ᠬᠦᠴᠢᠷ ᠪᠡᠷᠭᠡᠰᠢᠶᠠᠯ ᠢ ᠬᠠᠮᠳᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠡᠨ ᠪᠦᠭᠡᠳ ᠬᠠᠮᠳᠤ ᠪᠠᠷ ᠬᠢᠵᠢᠭ ᠲᠠᠢ ᠲᠡᠮᠡᠴᠡᠵᠤ᠂ ᠲᠤᠮᠳᠠᠳᠤ ᠪᠸᠡᠭᠭᠠᠯ ᠤᠨ ᠨᠦᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠪᠡ᠃ ᠪᠢ ᠲᠤᠮᠳᠠᠳᠤ ᠪᠸᠡᠭᠭᠠᠯ ᠤᠨ ᠬᠠᠷᠢᠯᠴᠠᠭᠠᠨ ᠤ ᠬᠦᠭᠵᠢᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠡ᠂ ᠲᠤᠷᠠᠳᠠᠶ᠎ᠡ ᠶᠡᠷᠤᠩᠭᠡᠶᠢᠯᠡᠭᠴᠢ ᠬᠠᠮᠢᠳ᠋ ᠯᠤᠭ᠎ᠠ ᠬᠠᠮᠳᠤ ᠪᠠᠷ ᠴᠢᠷᠮᠠᠶᠢᠵᠤ᠂ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠪᠠᠨ ᠴᠢᠩᠭᠠᠳᠬᠠᠨ᠂ ︽ᠨᠢᠭᠡ ᠪᠦᠰᠡ ᠨᠢᠭᠡ ᠵᠠᠮ︾ ᠢ ᠪᠦᠳᠦᠭᠡᠨ ᠪᠠᠶᠢᠭᠤᠯᠬᠤ ᠶᠢ ᠬᠠᠮᠳᠤ ᠪᠠᠷ ᠠᠬᠢᠭᠤᠯᠵᠤ᠂ ᠲᠤᠮᠳᠠᠳᠤ ᠪᠸᠡᠭᠭᠠᠯ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠰᠢᠨ᠎ᠡ ᠦᠨᠳᠤᠷᠴᠠ ᠳᠤ ᠭᠠᠷᠬᠤ ᠶᠢ ᠠᠬᠢᠭᠤᠯᠤᠨ᠎ᠡ ᠭᠡᠵᠤ ᠵᠢᠭᠠᠵᠤ ᠭᠠᠷᠭᠠᠪᠠ᠃    ᠬᠠᠮᠢᠳ᠋ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠪᠸᠡᠭᠭᠠᠯ ᠲᠤᠮᠳᠠᠳᠤ ᠶᠢᠨ ᠬᠠᠷᠢᠯᠴᠠᠭ᠎ᠠ ᠡᠳᠤᠷ ᠠᠴᠠ ᠡᠳᠤᠷ ᠰᠢᠨᠡᠳᠴᠦ᠂ ᠤᠳᠤᠬᠠᠨ ᠳᠤ ᠨᠢᠭᠡᠨᠳᠠ ᠵᠠᠩᠭᠢᠯᠠᠭ᠎ᠠ ᠶᠢᠨ ᠬᠦᠷᠢᠶᠠᠨ ᠤ ᠬᠠᠮᠳᠤᠷᠠᠯᠴᠠᠭ᠎ᠠ ᠶᠢ ᠬᠠᠮᠤᠷᠪᠠ᠂ ᠪᠸᠡᠭᠭᠠᠯ ᠤᠨ ᠬᠢᠨ ᠡᠬᠦᠨ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠡ᠃ ᠳᠤᠮᠳᠠᠳᠤ ᠤᠯᠤᠰ ᠤᠨ ᠬᠢᠨ ᠪᠧᠩᠭᠠᠯ ᠤᠨ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠶᠠᠪᠤᠴᠠ ᠳᠤ ᠦᠷᠬᠦᠯᠵᠢᠯᠡᠨ ᠲᠡᠮᠵᠢᠯᠬᠡ ᠬᠠᠩᠭᠠᠪᠠ᠂ ᠡᠬᠦᠨ ᠳᠤ ᠪᠢ ᠬᠦᠨ ᠲᠠᠯᠠᠷᠬᠠᠵᠤ ᠪᠠᠶᠢᠨ᠎ᠠ᠃ ᠬᠤᠶᠠᠷ ᠤᠯᠤᠰ ᠤᠨ ᠲᠤᠳᠤᠨᠤ ᠨᠦᠬᠦᠷᠰᠡᠭ ᠬᠠᠷᠢᠯᠴᠠᠭ᠎ᠠ ᠢᠷᠡᠬᠡᠳᠤᠢ ᠲᠤ ᠲᠠᠰᠤᠷᠠᠯᠳᠠ ᠦᠬᠡᠢ ᠬᠦᠨᠵᠡᠬᠡᠶᠢᠷᠡᠬᠦ ᠶᠢ ᠪᠢ ᠢᠳᠡᠬᠡᠵᠤ ᠪᠠᠶᠢᠨ᠎ᠠ ᠭᠡᠵᠤ ᠢᠯᠡᠳᠭᠡᠵᠠᠢ᠃    ᠲᠤᠰ ᠡᠳᠤᠷ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠷᠤᠩᠬᠡᠢ ᠰᠠᠶᠢᠳ ᠯᠢ ᠺᠧ ᠴᠢᠶᠠᠩ ᠪᠧᠩᠭᠠᠯ ᠤᠨ ᠶᠠᠷᠤᠩᠬᠡᠢ ᠰᠠᠶᠢᠳ ᠬᠠᠰᠢᠨᠠ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃ ᠯᠢ ᠺᠧ ᠴᠢᠶᠠᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠤᠯᠤᠰ ᠲᠤᠷᠠᠳᠠᠶ᠎ᠠ ᠪᠧᠩᠭᠠᠯ ᠯᠤᠭ᠎ᠠ ᠡᠯ᠎ᠠ ᠬᠦᠷᠢᠶᠠᠨ ᠳᠠᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠳᠤᠮᠳᠠᠳᠤ ᠪᠧᠩᠭᠠᠯ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠲᠤᠭᠳᠠᠭᠤᠨ ᠢᠶᠠᠷ ᠬᠦᠭᠵᠢᠬᠦᠯᠵᠤ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠤᠢᠢᠯᠡᠳᠤᠨ᠎ᠠ ᠬᠡᠵᠤ ᠢᠯᠡᠳᠬᠡᠪᠡ᠃ ᠬᠠᠰᠢᠨᠠ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠬᠤᠶᠠᠷ ᠤᠯᠤᠰ ᠤᠨ ᠬᠤᠭᠤᠷᠤᠨᠳᠤᠬᠢ ᠤᠷᠳᠤ ᠬᠤᠭᠤᠴᠠᠭᠠᠨ ᠤ ᠰᠢᠯᠭᠠᠯᠳᠠ ᠶᠢ ᠲᠠᠭᠠᠭᠠᠬᠰᠠᠨ ᠨᠦᠬᠦᠷᠯᠠᠯ ᠪᠤᠯᠤᠨ ᠬᠠᠮᠳᠤᠷᠠᠯᠴᠠᠭ᠎ᠠ ᠨᠢ ᠪᠧᠩᠭᠠᠯ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠴᠤᠬᠴᠠᠯᠠᠪᠠ᠃ ᠪᠧᠩᠭᠠᠯ ᠳᠤᠮᠳᠠᠳᠤ ᠶᠢᠨ ᠬᠠᠮᠳᠤᠷᠠᠯᠴᠠᠭ᠎ᠠ ᠴᠢᠩᠭᠠᠷᠠᠭᠰᠠᠨ ᠨᠢ ᠲᠤᠰ ᠭᠠᠵᠠᠷ ᠤᠷᠤᠨ᠂ ᠴᠢᠨᠠᠬᠰᠢᠯᠠᠪᠠᠯ ᠪᠦᠬᠦ ᠪᠦᠮᠪᠦᠷᠴᠡᠭ ᠤᠨ ᠡᠩᠬᠡ ᠲᠠᠶᠢᠪᠤᠩ᠂ ᠠᠮᠤᠷ ᠲᠦᠪᠰᠢᠨ ᠬᠢᠭᠡᠳ ᠲᠤᠭᠳᠠᠭᠤᠨ ᠢ ᠬᠠᠮᠠᠭᠠᠯᠠᠬᠤ ᠯᠤᠳᠤ ᠶᠡᠭᠡ ᠲᠠᠯᠳᠠ ᠬᠦᠴᠤᠨ ᠢ ᠪᠠᠳᠠᠷᠠᠭᠤᠯᠤᠭᠰᠠᠨ ᠪᠠᠶᠢᠨ᠎ᠠ ᠬᠡᠵᠤ ᠢᠯᠡᠳᠬᠡᠵᠡᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号