ᠲᠦᠩᠽᠢ ᠭᠠᠴᠠᠭ᠎ᠠ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠭᠡᠵᠢᠭᠦᠯᠣᠭ᠍ᠰᠡᠨ ᠵᠢᠱᠢᠶᠡᠴᠢ ᠮᠠᠯᠴᠢᠳ ᠢᠶᠠᠨ ᠰᠠᠶᠢᠰᠢᠶᠠᠨ ᠭᠦᠭᠢᠭᠦᠯᠣᠯ᠎ᠡ
ᠨᠡᠶᠢᠲᠡᠯᠡᠭᠰᠡᠨ ᠴᠠᠭ᠄
2020/10/12
    ᠰᠦᠯᠳᠡ ᠰᠤᠮᠤᠨ ᠤ ᠲᠦᠩᠽᠢ ᠭᠠᠴᠠᠭ᠎ᠠ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠭᠡᠵᠢᠭᠦᠯᠣᠭ᠍ᠰᠡᠨ ᠵᠢᠱᠢᠶᠡᠴᠢ ᠮᠠᠯᠴᠢᠳ ᠢᠶᠠᠨ ᠰᠠᠶᠢᠰᠢᠶᠠᠨ ᠭᠦᠭᠢᠭᠦᠯᠵᠣ ᠰᠢᠨ᠎ᠡ ᠴᠠᠭ ᠦᠶ᠎ᠡ ᠶᠢᠨ ᠪᠤᠯᠪᠠᠰᠤᠨ ᠤ ᠣᠶᠢᠯᠡᠳᠣᠯᠬᠡᠵᠢᠬᠦᠯᠬᠡ ᠎ ᠪᠠᠷ ᠮᠠᠯᠴᠢᠨ ᠤᠨ ᠰᠡᠳᠬᠢᠯ ᠢ ᠳᠣᠯᠠᠭᠠᠴᠠᠭᠤᠯᠵᠣ ᠪᠠᠶᠢᠨ᠎ᠠ᠃     ᠤᠶᠢᠷ᠎ᠠ ᠶᠢᠨ ᠡᠳᠦᠷ᠂ ᠰᠦᠯᠳᠡ ᠰᠤᠮᠤᠨ ᠤ ᠲᠦᠩᠽᠢ ᠭᠠᠴᠠᠭ᠎ᠠ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠭᠡᠵᠢᠭᠦᠯᠣᠭ᠍ᠰᠡᠨ ᠵᠢᠱᠢᠶᠡᠴᠢ ᠮᠠᠯᠴᠢᠳ ᠢᠶᠠᠨ ᠰᠠᠶᠢᠰᠢᠶᠠᠨ ᠭᠦᠭᠢᠭᠦᠯᠬᠦ ᠮᠠᠯᠴᠢᠨ ᠤᠨ ᠬᠤᠷᠠᠯ ᠢ ᠡᠷᠬᠢᠯᠡᠨ ᠬᠢᠵᠣ ᠰᠢᠨᠵᠢᠯᠡᠬᠦ ᠤᠬᠠᠭᠠᠨ ᠢ ᠲᠦᠬᠡᠮᠡᠯᠵᠢᠬᠦᠯᠤᠭ᠍ᠰᠡᠨ ᠡᠷᠦᠬᠡ᠂ ᠬᠦᠳᠡᠯᠮᠦᠷᠢ ᠶᠢᠨ ᠵᠢᠱᠢᠶᠡᠴᠢ ᠡᠷᠣᠬᠡ᠂ ᠦᠢᠯᠡᠰ ᠪᠤᠰᠬᠠᠭᠴᠢ ᠡᠷᠣᠬᠡ᠂ ᠠᠷᠢᠭᠤᠨ ᠴᠡᠪᠡᠷᠴᠢ ᠡᠷᠦᠬᠡ᠂ ᠲᠡᠷᠭᠡᠳᠡᠬᠢ ᠰᠠᠶᠢᠨ ᠬᠦᠮᠦᠨ᠂ ᠶᠠᠳᠠᠭᠤ ᠠᠴᠠ ᠠᠩᠬᠢᠵᠢᠷᠠᠭᠰᠠᠨ ᠵᠢᠱᠢᠶᠡᠴᠢ ᠡᠷᠦᠬᠡ᠂ ᠰᠢᠯᠢᠳᠡᠭ ᠨᠠᠮ ᠤᠨ ᠭᠡᠰᠢᠬᠦᠨ᠂ ᠰᠢᠯᠢᠳᠡᠭ ᠺᠠᠳ᠋ᠷ ᠠᠵᠢᠯᠲᠠᠨ᠂ ᠰᠠᠶᠢᠨ ᠪᠡᠷᠢ ᠵᠡᠷᠭᠡ 16 ᠲᠦᠷᠦᠯ ᠤᠨ ᠲᠠᠭᠤᠷᠢᠶᠠᠯ ᠵᠢᠱᠢᠶᠡᠴᠢ ᠡᠷᠣᠬᠡ ᠶᠢᠨ 34 ᠬᠦᠮᠦᠨ ᠢ ᠱᠠᠩᠨᠠᠨ ᠬᠦᠬᠢᠬᠦᠯᠦᠯ᠎ᠡ᠃
    ᠰᠦᠯᠳᠡ ᠰᠤᠮᠤᠨ ᠤ ᠲᠦᠩᠽᠢ ᠭᠠᠴᠠᠭᠠᠨ ᠤ ᠮᠠᠯᠴᠢᠨ ᠤᠯᠠᠭᠠᠠᠭᠡᠷᠡᠯ᠄ ︽ᠲᠤᠰ ᠤᠳᠠᠭᠠᠨ ᠤ ᠠᠵᠢᠯᠯᠠᠭᠠᠨ ᠪᠤᠯ ᠮᠠᠰᠢ ᠤᠳᠬ᠎ᠠ ᠠᠭᠤᠯᠭ᠎ᠠ ᠲᠠᠢ ᠠᠵᠢᠯ ᠪᠤᠯᠤᠨ᠎ᠠ᠃ ᠪᠢ ᠪᠤᠯ ᠨᠢᠬᠡᠨ ᠭᠠᠷ ᠤᠷᠠᠯᠢᠭᠴᠢᠨ ᠪᠠᠶᠢᠨ᠎ᠠ᠂ ᠢᠩᠬᠢᠬᠡᠳ ᠤᠯᠠᠮᠵᠢᠯᠠᠯᠲᠤ ᠰᠤᠶᠤᠯ ᠢ ᠤᠯᠠᠮᠵᠢᠯᠠᠨ ᠬᠦᠭᠵᠢᠬᠦᠯᠵᠦ ᠤᠳᠤ ᠶᠢᠨ ᠵᠠᠬ᠎ᠠ ᠲᠡᠯᠭᠡᠭᠦᠷ ᠲᠤ ᠬᠠᠨᠳᠤᠭᠤᠯᠤᠨ ᠰᠢᠨ᠎ᠡ ᠮᠠᠶ᠋ᠢᠭ ᠤᠨ ᠬᠦᠭᠵᠢᠯᠲᠡ ᠲᠡᠶᠢᠰᠢ ᠬᠦᠭᠵᠢᠬᠦᠯᠵᠦ ᠵᠠᠯᠠᠭᠤ ᠪᠠᠭᠠᠴᠤᠳ ᠢᠶᠠᠨ ᠢᠯᠡᠬᠦᠬᠡᠨ ᠬᠦᠮᠦᠵᠢᠬᠦᠯᠤᠨ ᠠᠰᠢᠭ ᠤᠷᠤᠯᠭ᠎ᠠ ᠤᠯᠭᠤᠬᠤ ᠶᠢ ᠪᠤᠳᠤᠯᠬᠢᠯᠠᠵᠤ ᠪᠠᠶᠢᠨ᠎ᠠ︾ ᠭᠡᠪᠡ᠃     ᠰᠦᠯᠳᠡ ᠰᠤᠮᠤᠨ ᠤ ᠲᠦᠭᠽᠢ ᠭᠠᠴᠠᠭᠠᠨ ᠤ ᠮᠠᠯᠴᠢᠨ ᠤᠶᠤᠨᠳᠠᠯᠠᠢ᠄ ︽ᠤᠳᠤᠬᠠᠨ ᠳᠤ ᠪᠤᠯᠪᠠᠰᠤᠨ ᠢ ᠶᠡᠬᠡᠪᠡᠷ ᠡᠷᠬᠢᠮᠯᠡᠵᠦ ᠪᠠᠶᠢᠨ᠎ᠠ᠃ ᠲᠡᠭᠡᠬᠦᠯᠡᠷ ᠪᠤᠯᠪᠠᠰᠤᠨ ᠦᠬᠡ ᠶᠠᠷᠢᠶ᠎ᠠ᠂ ᠦᠢᠯᠡ ᠠᠵᠢᠯᠯᠠᠭ᠎ᠠ ᠪᠠᠷ ᠦᠪᠡᠷ ᠤᠨ ᠪᠡᠶ᠎ᠡ ᠎ ᠪᠠᠷ ᠢᠶᠠᠨ ᠲᠠᠭᠤᠷᠢᠶᠠᠯ ᠪᠤᠯᠭᠠᠵᠤ ᠦᠷᠭᠡᠨ ᠤᠯᠠᠨ ᠠᠷᠠᠳ ᠲᠦᠮᠡᠨ ᠳᠡᠭᠡᠨ ᠤᠬᠠᠭᠤᠯᠵᠤ ᠮᠠᠯ ᠲᠠᠷᠢᠶᠠᠯᠠᠩ ᠠᠵᠤ ᠠᠬᠤᠢ ᠶᠢ ᠬᠦᠭᠵᠢᠬᠦᠯᠬᠦ ᠲᠠᠯ᠎ᠠ ᠪᠠᠷ ᠦᠵᠡᠯ ᠰᠠᠨᠠᠭᠠᠨ ᠤ ᠬᠦᠮᠦᠵᠢᠯ ᠢ ᠬᠢᠶ᠎ᠡ ᠬᠡᠵᠦ ᠪᠤᠳᠤᠵᠤ ᠪᠠᠶᠢᠨ᠎ᠠ︾ ᠭᠡᠪᠡ᠃
    ᠡᠨ᠋ᠨ ᠣᠳᠠᠭᠠᠨ ᠤ ᠠᠵᠢᠯᠯᠠᠭ᠎ᠠ ᠳᠡᠭᠡᠷ᠎ᠡ ᠪᠠᠰᠠ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠭᠡᠵᠢᠬᠦᠯᠦᠭᠰᠡᠨ ᠲᠠᠭᠤᠷᠢᠶᠠᠯ ᠡᠷᠣᠬᠡ ᠶᠢᠨ ᠲᠣᠷᠰᠢᠯᠭ᠎ᠠ ᠶᠢ ᠰᠣᠷᠣᠯᠴᠠᠵᠣ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠤᠮᠳᠠ ᠪᠠᠨ ᠰᠢᠨᠵᠢᠯᠡᠭᠡ ᠮᠡᠷᠭᠡᠵᠢᠯ ᠢ ᠲᠦᠭᠡᠮᠡᠯᠵᠢᠬᠦᠯᠦᠨ ᠰᠢᠨ᠎ᠡ ᠴᠠᠭ ᠦᠶ᠎ᠡ ᠶᠢᠨ ᠰᠢᠯᠢᠳᠡᠭ ᠮᠠᠯᠴᠢᠨ ᠪᠤᠯᠬᠤ ᠶᠢ ᠣᠷᠢᠶᠠᠯᠠᠯ᠎ᠠ᠃     ᠬᠤᠰᠢᠭᠤ ᠡᠳ᠋ ᠤᠨ ᠵᠠᠰᠠᠭ ᠤᠨ ᠲᠤᠪᠴᠢᠶᠠᠨ ᠠᠴᠠ ᠰᠦᠯᠳᠡ ᠰᠤᠮᠤᠨ ᠤ ᠲᠦᠩᠽᠢ ᠭᠠᠴᠠᠭᠠᠨ ᠳᠤ ᠲᠤᠮᠢᠯᠠᠨ ᠰᠠᠭᠤᠭ᠎ᠠ ᠨᠢᠭᠡᠳᠦᠭᠡᠷ ᠱᠦᠵᠢ ᠰᠢᠯᠢᠨᠲᠠᠨ᠎ᠠ᠄ ︽ᠱᠠᠩᠨᠠᠨ ᠬᠦᠬᠢᠬᠦᠯᠬᠦ ᠪᠠᠷ ᠳᠠᠮᠵᠢᠨ ᠮᠠᠨ ᠤ ᠭᠠᠴᠠᠭᠠᠨ ᠤ ᠪᠦᠬᠦᠶᠢᠯᠡ ᠮᠠᠯᠴᠢᠳ ᠤᠨ ᠤᠷᠮ᠎ᠠ ᠶᠢ ᠭᠦᠭᠵᠢᠬᠡᠨ ᠵᠤᠷᠢᠭᠵᠢᠭᠤᠯᠵᠦ ᠠᠮᠢᠳᠤᠷᠠᠯ ᠲᠤᠮᠳᠠ ᠵᠤᠷᠢᠭᠲᠠᠢ ᠪᠠᠷ ᠠᠮᠢᠳᠤᠷᠠᠨ᠎ᠠ ᠭᠡᠰᠡᠨ ᠠᠮᠢᠳᠤᠷᠠᠯ ᠤᠨ ᠤᠬᠠᠭᠠᠨ ᠢ ᠮᠡᠳᠡᠭᠦᠯᠦᠨ᠎ᠡ᠃ ᠢᠩᠬᠢᠪᠡᠯ ᠮᠠᠯᠴᠢᠳ ᠰᠢᠨ᠎ᠡ ᠴᠠᠭ ᠦᠶ᠎ᠡ ᠳᠤ ᠵᠤᠬᠢᠴᠠᠨ᠎ᠠ᠃ ᠰᠢᠨ᠎ᠡ ᠴᠠᠭ ᠦᠶ᠎ᠡ ᠶᠢᠨ ᠪᠤᠯᠪᠠᠰᠤᠨ ᠢ ᠦᠪᠡᠷ ᠤᠨ ᠠᠮᠢᠳᠤᠷᠠᠯ ᠲᠤᠮᠳᠠ ᠪᠠᠨ ᠦᠢᠯᠡᠳᠦᠯᠬᠡᠵᠢᠬᠦᠯᠵᠦ ᠦᠪᠡᠷ ᠤᠨ ᠮᠠᠯ ᠠᠵᠤ ᠠᠬᠤᠢ ᠪᠠᠨ ᠤᠯᠠᠮ ᠰᠠᠶᠢᠬᠠᠨ ᠱᠠᠲᠤᠨ ᠳᠤ ᠶᠠᠪᠤᠭᠳᠠᠭᠤᠯᠬᠤ ᠪᠠᠷ ᠵᠤᠷᠢᠯᠲᠠ ᠪᠤᠯᠭᠠᠬᠤ ᠡᠭᠦᠳᠡᠨ ᠠᠴᠠ ᠡᠨᠡ ᠠᠵᠢᠯ ᠎ ᠢ ᠶᠠᠪᠤᠭᠳᠠᠭᠤᠯᠵᠠᠢ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号