︽ᠰᠢᠨᠵᠢᠯᠡᠬᠦ ᠤᠬᠠᠭᠠᠨᠴᠢ ᠪᠡᠶ᠎ᠡ ᠰᠤᠪᠢᠯᠠᠯ᠂ ᠡᠷᠡᠭᠦᠯ ᠡᠩᠬᠡ ᠳᠤᠮᠳᠠᠳᠤ ᠤᠯᠤᠰ︾ ᠡᠷᠡᠭᠦᠯ ᠮᠡᠨᠳᠦ ᠶᠢᠨ ᠣᠶᠢᠯᠡᠰ ᠢᠶᠠᠷ ᠶᠠᠳᠠᠭᠤ ᠶᠢ ᠲᠡᠳᠬᠦᠬᠦ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2020/10/12
    ᠣᠶᠢᠷ᠎ᠠ ᠶᠢᠨ ᠡᠳᠤᠷ᠂ ︽ᠰᠢᠨᠵᠢᠯᠡᠬᠦ ᠤᠬᠠᠭᠠᠨᠴᠢ ᠪᠡᠶ᠎ᠡ ᠰᠤᠪᠢᠯᠠᠯ᠂ ᠡᠷᠡᠭᠦᠯ ᠡᠩᠬᠡ ᠳᠤᠮᠳᠠᠳᠤ ᠤᠯᠤᠰ 2020 ᠣᠨ ᠤ ᠥᠪᠥᠷ ᠮᠣᠩᠭᠤᠯ ᠳᠠᠬᠢ ᠡᠷᠡᠭᠦᠯ ᠮᠡᠨᠳᠦ ᠶᠢᠨ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ︾ ᠤᠨ ᠨᠡᠶᠢᠳᠡ ᠶᠢᠨ ᠠᠰᠠᠷᠠᠮᠵᠢ ᠶᠢᠨ ᠡᠮᠴᠢᠯᠡᠭᠡᠨ ᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠯ᠎ᠠ᠃     ᠡᠨᠡᠬᠦ ᠠᠵᠢᠯᠯᠠᠭ᠎ᠠ ᠪᠣᠯ ᠳᠠᠷᠤᠢ ︽ᠰᠢᠨᠵᠢᠯᠡᠬᠦ ᠤᠬᠠᠭᠠᠨᠴᠢ ᠪᠡᠶ᠎ᠡ ᠰᠤᠪᠢᠯᠠᠯ᠂ ᠡᠷᠡᠭᠦᠯ ᠡᠩᠬᠡ ᠳᠤᠮᠳᠠᠳᠤ ᠤᠯᠤᠰ︾  ᠡᠷᠡᠭᠦᠯ ᠮᠡᠨᠳᠦ ᠶᠢᠨ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠪᠠᠶᠢᠵᠤ ᠪᠡᠭᠡᠵᠢᠩ ᠤᠨ ᠲᠤᠰᠬᠠᠢ ᠮᠡᠷᠭᠡᠵᠢᠯᠲᠡᠨ ᠭᠥᠸᠧ ᠭᠤᠸᠠᠨ ᠱᠧᠩ ᠦᠨ᠎ᠡ ᠲᠦᠯᠥᠪᠤᠷᠢ ᠦᠭᠡᠢ ᠪᠠᠷ ᠮᠠᠯᠴᠢᠨ ᠲᠠᠷᠢᠶᠠᠴᠢᠨ ᠳᠤ ᠦᠷᠬᠦᠯᠵᠢ ᠲᠤᠬᠢᠶᠠᠯᠳᠤᠳᠠᠭ ᠡᠪᠡᠳᠴᠢᠨ ᠢ ᠦᠨᠳᠦᠰᠦᠯᠡᠨ ᠦᠢᠯᠡᠳᠪᠤᠷᠢᠯᠡᠯ ᠠᠮᠢᠳᠤᠷᠠᠯ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠬᠦ᠂ ᠬᠠᠭᠤᠷᠮᠠᠭ ᠵᠡᠷ ᠮᠡᠳᠡᠬᠡᠨ ᠳᠤ ᠮᠡᠬᠡᠯᠡᠭᠳᠡᠬᠦ ᠠᠴᠠ ᠰᠡᠷᠬᠡᠶᠢᠯᠡᠬᠦ ᠵᠡᠷᠬᠡ ᠲᠠᠯ᠎ᠠ ᠪᠠᠷ ᠳᠣᠰᠬᠠᠢ ᠲᠠᠶᠢᠯᠤᠮᠵᠢ ᠬᠢᠭᠰᠡᠨ ᠤ ᠬᠠᠮᠳᠤ ᠬᠠᠨᠳᠤᠯᠭᠠᠳᠤ ᠴᠢᠨᠠᠷᠳᠡᠢ ᠡᠮᠴᠢᠯᠡᠭᠡ ᠬᠢᠵᠦ ᠮᠠᠯᠴᠢᠨ ᠲᠠᠷᠢᠶᠠᠴᠢᠨ ᠳᠤ ᠲᠦᠬᠦᠮ ᠦᠵᠡᠭᠦᠯᠦᠭᠰᠡᠨ ᠪᠠᠶᠢᠨ᠎ᠠ᠃     ᠪᠡᠭᠡᠵᠢᠩ ᠤᠨ ᠲᠤᠰᠬᠠᠢ ᠮᠡᠷᠬᠡᠵᠢᠯᠳᠡᠨ ᠠᠴᠠ ᠬᠤᠰᠢᠭᠤᠨ ᠤ ᠲᠥᠪ ᠲᠡᠭᠡᠷ᠎ᠡ ᠮᠠᠯᠴᠢᠨ ᠲᠠᠷᠢᠶᠠᠴᠢᠨ ᠳᠤ ᠦᠨ᠎ᠡ ᠲᠥᠯᠥᠪᠦᠷᠢ ᠦᠭᠡᠢ ᠡᠮᠴᠢᠯᠡᠭᠡ ᠬᠢᠵᠤ ᠪᠠᠶᠢᠬᠤ ᠰᠤᠷᠠᠭ ᠢᠶᠠᠷ ᠤᠳᠠᠭᠠᠨ ᠵᠢᠯ ᠤᠨ ᠲᠤᠯᠤᠭᠠᠢ ᠡᠪᠡᠳᠭᠦ ᠡᠪᠡᠳᠴᠢᠨ  ᠲᠠᠢ ᠤᠳᠤᠭ ᠬᠤᠰᠢᠭᠤᠨ ᠤ ᠮᠠᠯᠴᠢᠨ ᠰᠡᠴᠡᠨᠭᠡᠷᠡᠯ ᠲᠤᠰᠬᠠᠶᠢᠯᠠᠨ ᠢᠷᠡᠵᠦ ᠡᠪᠡᠳᠴᠢᠨ ᠢᠶᠠᠨ ᠦᠵᠡᠭᠦᠯᠦᠭᠰᠡᠨ ᠪᠠᠶᠢᠨ᠎ᠠ᠃     ᠮᠠᠯᠴᠢᠨ ᠰᠡᠴᠡᠨᠭᠡᠷᠡᠯ᠄ ︽ᠬᠦᠸᠧ ᠪᠠᠭᠰᠢ ᠪᠢᠳᠡᠨ ᠤ ᠲᠦᠯᠥᠭᠡ ᠦᠪᠡᠷ ᠢᠶᠠᠨ ᠵᠤᠭᠤᠰ ᠮᠦᠩᠭᠦ ᠭᠠᠷᠭᠠᠨ ᠪᠡᠭᠡᠵᠢᠭ ᠠᠴᠠ ᠢᠷᠡᠵᠦ ᠪᠢᠳᠡᠨ ᠠᠴᠠ ᠶᠠᠭᠤ ᠴᠤ ᠠᠪᠬᠤ ᠦᠬᠡᠢ᠂ ᠮᠠᠯᠴᠢᠨ ᠲᠡᠷᠢᠶᠠᠴᠢᠨ ᠤ ᠪᠡᠶ᠎ᠡ ᠶᠢ ᠴᠢᠬᠢᠷᠠᠭᠵᠢᠭᠤᠯᠬᠤ ᠶᠢᠨ ᠲᠦᠯᠥᠭᠡ ᠯᠠ ᠪᠢᠳᠡᠨ ᠢ ᠡᠮᠴᠢᠯᠡᠭᠰᠡᠨ ᠳᠤ ᠲᠤᠩ ᠲᠠᠯᠠᠷᠬᠠᠵᠤ ᠪᠠᠶᠢᠨ᠎ᠠ︾ ᠭᠡᠪᠡ᠃     ᠮᠠᠯᠴᠢᠨ ᠮᠡᠷᠭᠡᠨᠵᠢᠶᠠᠭ᠎ᠠ᠄ ︽ᠪᠢ ᠡᠪᠡᠳᠴᠢᠨ ᠣᠷᠣᠭᠠᠳ ᠭᠠᠵᠠᠷ ᠪᠤᠯᠭᠠᠨ ᠳᠤ ᠦᠵᠡᠭᠦᠯᠤᠭᠡᠳ ᠰᠡᠶᠢᠨ ᠪᠤᠯᠵᠤ ᠳᠡᠶᠢᠯᠬᠦ ᠦᠭᠡᠢ᠂ ᠲᠡᠭᠡᠭᠡᠳ 97 ᠤᠨ ᠳᠤ ᠪᠤᠰᠤᠳ ᠬᠦᠮᠤᠨ ᠨᠠᠳᠠᠳᠤ ᠬᠦᠸᠧ ᠪᠠᠭᠰᠢ ᠶᠢ ᠲᠠᠨᠢᠯᠴᠠᠭᠤᠯᠵᠤ ᠦᠭᠴᠡᠢ᠃ ᠬᠦᠸᠧ ᠪᠠᠭᠰᠢ ᠡᠪᠡᠳᠴᠢᠨ ᠢ ᠵᠠᠰᠠᠵᠦ ᠪᠡᠶ᠎ᠡ ᠰᠡᠶᠢᠨ ᠪᠣᠯᠵᠠᠢ᠃ ᠮᠠᠰᠢᠨ ᠢᠶᠠᠨ ᠪᠠᠷᠢᠭᠠᠳ ᠮᠠᠨ ᠤ ᠨᠤᠳᠤᠭ ᠢᠶᠠᠷ ᠢᠷᠡᠵᠦ ᠶᠠᠮᠠᠷ ᠴᠤ ᠬᠠᠷᠠᠮᠵᠢ ᠠᠪᠬᠤ ᠦᠭᠡᠢ ᠪᠠᠷ ᠡᠪᠡᠳᠴᠢᠨ ᠵᠠᠰᠠᠭᠠᠳ ᠦᠭᠭᠦᠨ᠎ᠡ᠂ ᠶᠡᠭᠡ ᠲᠠᠯᠠᠷᠬᠠᠵᠦ ᠪᠠᠶᠢᠨ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号