ᠦᠨᠳᠦᠰᠦᠳᠡᠨ ᠤ ᠪᠦᠯᠬᠦᠮᠳᠡᠯ ᠲᠠᠪᠰᠢᠯᠳᠠ ᠳᠤ ᠰᠠᠭᠤᠷᠢᠯᠠᠭᠰᠠᠨ ᠵᠠᠰᠠᠭ ᠤᠨ ᠶᠠᠪᠤᠳᠠᠯ‌‍ᠤᠨ ᠦᠢᠯᠡᠴᠢᠯᠡᠭᠡ ᠤᠯᠠᠨ ᠲᠦᠮᠡᠨ ᠳᠤ ᠪᠤᠳᠠᠳᠤ ᠤᠴᠢᠷ ᠪᠦᠳᠦᠬᠡᠨ᠎ᠠ
ᠨᠡᠶᠢᠲᠡᠯᠡᠭᠰᠡᠨ ᠴᠠᠭ᠄
2020/10/12
     ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠦᠨᠳᠦᠰᠦᠳᠡᠨ ᠤ ᠠᠵᠢᠯ ᠤᠨ ᠲᠤᠬᠠᠢ ᠱᠤᠭᠤᠮ᠂ ᠴᠢᠭᠯᠡᠯᠳᠡ᠂ ᠲᠦᠷᠦ ᠶᠢᠨ ᠪᠣᠳᠣᠯᠭ᠎ᠠ ᠶᠢ ᠦᠢᠯᠡᠴᠢᠯᠡᠬᠡᠨ ᠤ ᠠᠵᠢᠯ ᠤᠨ ᠳᠤᠮᠳᠠ ᠪᠠᠨ ᠥᠷᠭᠡᠨ ᠢᠶᠠᠷ ᠠᠭᠤᠰᠬᠠᠬᠤ ᠪᠠ ᠤᠬᠠᠭᠤᠯᠭ᠎ᠠ ᠬᠦᠮᠦᠵᠢᠯ ᠢ ᠬᠦᠨᠳᠦᠳᠬᠡᠳᠡᠭ ᠠᠴᠠ ᠦᠨᠳᠦᠰᠦᠳᠡᠨ ᠤ ᠪᠦᠯᠬᠦᠮᠳᠡᠯ ᠲᠠᠪᠰᠢᠯᠳᠠ ᠨᠢ ᠴᠢᠨᠠᠷᠵᠢᠭᠤᠨ ᠪᠤᠯᠵᠦ ᠦᠢᠯᠡᠴᠢᠯᠡᠬᠡᠨ ᠤ ᠠᠵᠢᠯ ᠳᠤᠨᠢ ᠪᠠᠲᠤ ᠰᠠᠭᠤᠷᠢ ᠪᠣᠯᠣᠯ᠎ᠠ᠃      ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠳᠤ ᠠᠵᠢᠯ ᠶᠠᠪᠤᠳᠠᠯ ᠬᠦᠢᠴᠡᠳᠬᠡᠬᠦ ᠪᠠᠷ ᠢᠷᠡᠭᠰᠡᠳ ︽ᠵᠠᠮᠴᠢ︾ ᠰᠠᠶᠢᠨ ᠳᠤᠷ᠎ᠠ ᠶᠢᠨ ᠦᠢᠯᠡᠴᠢᠯᠡᠬᠡᠨ ᠤ ᠥᠷᠳᠡᠭᠡᠨ ᠤ ᠬᠤᠣᠰ ᠬᠡᠯᠡᠨ ᠤ ᠠᠵᠢᠯᠳᠠᠨ ᠤ ᠦᠢᠯᠡᠴᠢᠯᠡᠭᠡ ᠶᠢ ᠬᠦᠷᠳᠡᠳᠡᠭ᠃ ︽ᠵᠠᠮᠴᠢ︾ ᠦᠢᠯᠡᠴᠢᠯᠡᠬᠡᠨ ᠤ ᠥᠷᠲᠡᠭᠡ 2018 ᠣᠨ ᠤ 5 ᠰᠠᠷ᠎ᠠ ᠳᠤ ᠪᠠᠶᠢᠭᠤᠯᠤᠭᠳᠠᠵᠤ ᠬᠤᠤᠰ ᠬᠡᠯᠡ ᠪᠠᠷ ᠦᠢᠯᠡᠴᠢᠯᠡᠳᠡᠭ ᠬᠤᠶᠠᠷ ᠬᠡᠰᠢᠬᠦᠨ᠂ ᠬᠢᠳᠠᠳ ᠬᠡᠯᠡ ᠪᠠᠷ ᠦᠢᠯᠡᠴᠢᠯᠡᠳᠡᠭ ᠭᠤᠷᠪᠠᠨ ᠬᠡᠰᠢᠬᠦᠨ ᠢᠶᠠᠷ ᠪᠦᠷᠢᠯᠳᠤᠵᠠᠢ᠃      ᠦᠥᠰᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ  ᠤ ᠲᠤᠪᠴᠢᠶ᠎ᠠ ᠶᠢᠨ ᠠᠵᠢᠯᠳᠠᠨ ᠨᠠᠬᠢᠶ᠎ᠠ ᠄ ︽ᠪᠢ ᠨᠢᠭᠡᠨ ᠵᠠᠮᠴᠢ ᠰᠠᠶᠢᠨ ᠳᠤᠷ᠎ᠠ ᠶᠢᠨ ᠦᠢᠯᠡᠴᠢᠯᠡᠬᠡᠨ ᠤ ᠬᠡᠰᠢᠬᠦᠨ ᠪᠣᠯᠣᠭᠰᠠᠨ ᠤ ᠬᠤᠪᠢ ᠳᠤ ᠦᠪᠡᠷ ᠤᠨ ᠢᠶᠠᠨ ᠡᠬᠡ ᠬᠡᠯᠡ᠂ ᠬᠤᠣᠰ ᠬᠡᠯᠡ ᠪᠠᠷ ᠤᠴᠢᠷ ᠪᠡᠶᠡᠯᠡᠬᠦᠯᠬᠦ ᠪᠠᠷ ᠢᠷᠡᠭᠰᠡᠨ ᠠᠷᠠᠳ ᠲᠦᠮᠡᠨ ᠳᠤ ᠢᠩᠬᠢᠵᠤ ᠰᠠᠶᠢᠬᠠᠨ ᠦᠢᠯᠡᠴᠢᠯᠡᠵᠤ ᠪᠠᠶᠢᠬᠤ ᠳᠠᠭᠠᠨ ᠮᠠᠰᠢ ᠶᠡᠭᠡ ᠪᠠᠶᠠᠷᠳᠠᠢ ᠮᠦᠷᠳᠡᠭᠡᠨ ᠮᠢᠨᠤ ᠣᠮᠣᠭᠰᠢᠯ ᠭᠡᠵᠤ ᠪᠣᠳᠣᠵᠣ ᠪᠠᠶᠢᠨ᠎ᠠ︾ ᠭᠡᠪᠡ᠃      ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ 2017 ᠣᠨ ᠤ 11 ᠳ᠋ᠦ᠋ᠭᠡᠷ ᠰᠠᠷ᠎ᠠ ᠳᠤ ᠰᠢᠨ᠎ᠡ ᠰᠠᠭᠤᠴᠠᠨ ᠳᠠᠭᠠᠨ ᠨᠡᠬᠦᠵᠤ ᠰᠢᠨ᠎ᠡ ᠦᠢᠯᠡᠴᠢᠯᠡᠭᠡ ᠪᠠᠷ ᠤᠯᠠᠨ ᠲᠥᠮᠡᠨ ᠳᠡᠭᠡᠨ ᠦᠢᠯᠡᠴᠢᠯᠡᠵᠦ ᠡᠬᠢᠯᠡᠭᠰᠡᠨ ᠶᠤᠮ᠃ ᠡᠭᠦᠨ ᠳᠤ ᠬᠤᠤᠰ ᠬᠡᠯᠡᠨ ᠤ ᠦᠢᠯᠡᠴᠢᠯᠡᠬᠡᠨ ᠤ ᠴᠤᠩᠬᠤᠪᠴᠢ ᠤᠴᠢᠷ ᠶᠠᠪᠤᠳᠠᠯ ᠬᠦᠢᠴᠡᠳᠬᠡᠬᠦ  ᠪᠠᠷ ᠢᠷᠡᠭᠰᠡᠳ ᠤᠨ ᠬᠠᠯᠠᠭᠤᠨ ᠬᠦᠷᠢᠶᠠᠯᠠᠯ ᠢ ᠤᠯᠳᠠᠭ ᠪᠠᠶᠢᠵᠠᠢ᠃     ᠦᠥᠰᠢᠨᠵᠤᠤ ᠪᠠᠯᠭᠠᠰᠤ ᠪᠠᠷ ᠨᠤᠳᠤᠭᠳᠠᠢ ᠰᠠᠷᠠᠨᠳᠠᠯᠠᠢ ᠪᠣᠯ ᠵᠠᠰᠠᠭ ᠤᠨ ᠶᠠᠪᠤᠳᠠᠯ ᠤᠨ ᠦᠢᠯᠡᠴᠢᠯᠡᠬᠡᠨ ᠲᠥᠪ ᠤᠨ ᠦᠷᠬᠦᠯᠵᠢ ᠶᠢᠨ ᠵᠤᠴᠢᠨ ᠶᠤᠮ᠃      ᠠᠵᠢᠯ ᠬᠦᠢᠴᠡᠳᠬᠡᠭᠴᠢ ᠰᠠᠷᠠᠨᠳᠠᠯᠠᠢ᠄ ︽ᠮᠠᠨ ᠤ ᠡᠨᠡ ᠦᠢᠯᠡᠴᠢᠯᠡᠬᠡᠨ ᠤ ᠭᠠᠵᠠᠷ ᠮᠤᠩᠭᠤᠯ ᠬᠡᠯᠡᠨ ᠤ ᠦᠢᠯᠡᠴᠢᠯᠡᠬᠦ ᠴᠣᠩᠬᠤ ᠭᠠᠷᠭᠠᠭᠰᠠᠨ ᠳᠤ ᠪᠢᠳᠠᠨᠤᠰ ᠰᠢᠭ᠋ ᠮᠠᠯᠵᠢᠬᠤ ᠤᠷᠤᠨ ᠤ ᠬᠦᠮᠦᠰ ᠲᠤ ᠠᠪᠴᠤ ᠬᠡᠯᠡᠪᠡᠯ ᠮᠠᠰᠢ ᠳᠥᠭᠦᠮ ᠪᠠᠶᠢᠨ᠎ᠠ᠃ ᠣᠳᠣ ᠦᠭᠡ ᠬᠡᠯᠡ ᠶᠢᠨ ᠲᠠᠯ᠎ᠠ ᠪᠠᠷ ᠤᠴᠢᠷ ᠶᠠᠪᠤᠳᠠᠯ ᠢᠶᠠᠨ ᠣᠶᠢᠯᠠᠭᠠᠯᠴᠠᠬᠤ ᠶᠢᠨ ᠲᠠᠯ᠎ᠠ ᠪᠠᠷ ᠶᠡᠭᠡ ᠳᠥᠭᠦᠮ ᠲᠦᠳᠡ ᠦᠵᠡᠭᠦᠯᠵᠦ ᠪᠠᠶᠢᠨ᠎ᠠ︾ ᠭᠡᠪᠡ᠃      ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠳᠤ ᠨᠢᠭᠡᠨᠳᠡ ᠵᠢᠷᠠᠨ ᠬᠤᠣᠰ ᠬᠡᠯᠡᠨ ᠤ ᠦᠢᠯᠡᠴᠢᠯᠡᠬᠡᠨ ᠤ ᠴᠣᠩᠬᠤᠪᠴᠢ ᠶᠢ ᠲᠣᠬᠢᠷᠠᠭᠤᠯᠵᠤ ᠪᠦᠬᠦ ᠦᠢᠯᠡᠴᠢᠯᠡᠬᠡᠨ ᠤ ᠴᠣᠩᠬᠤᠪᠴᠢ ᠶᠢᠨ ᠵᠠᠭᠤᠨ ᠤ ᠳᠦᠴᠢᠨ ᠳᠣᠯᠤᠭ᠎ᠠ ᠶᠢ ᠡᠵᠡᠯᠡᠵᠡᠢ᠃      ᠬᠤᠤᠰ ᠬᠡᠯᠡᠨ ᠤ ᠦᠢᠯᠡᠴᠢᠯᠡᠬᠡᠨ ᠤ ᠴᠤᠩᠬᠤᠪᠴᠢ ᠪᠠ ᠬᠤᠤᠰ ᠬᠡᠯᠡᠨ ᠤ ᠠᠵᠢᠯᠳᠠᠨ ᠲᠤᠬᠢᠷᠠᠭᠤᠯᠵᠤ ᠤᠯᠠᠨ ᠲᠦᠮᠡᠨ ᠳᠡᠭᠡᠨ ᠦᠢᠯᠡᠴᠢᠯᠡᠬᠦ ᠪᠣᠯ ᠦᠥᠰᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ  ᠤᠨ ᠦᠢᠯᠡᠴᠢᠯᠡᠭᠡ ᠪᠠᠨ ᠠᠬᠢᠭᠤᠯᠬᠤ ᠴᠢᠬᠤᠯᠠ ᠨᠢᠬᠡ ᠠᠷᠭ᠎ᠠ ᠬᠡᠯᠪᠡᠷᠢ ᠪᠣᠯᠣᠨ᠎ᠠ᠃ ᠤᠳᠤ ᠲᠤᠰ ᠲᠦᠪ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 677 ᠲᠦᠷᠤᠯ ᠤᠨ ᠤᠴᠢᠷ ᠶᠠᠪᠦᠳᠠᠯ ᠢ ᠲᠦᠭᠦᠮ ᠲᠦᠳᠡ ᠪᠠᠷ ᠭᠦᠢᠴᠡᠳᠬᠡᠵᠤ ᠳᠡᠶᠢᠯᠬᠦ ᠶᠢ ᠪᠡᠶᠡᠯᠡᠬᠦᠯᠵᠡᠢ᠃      ᠲᠤᠰ ᠦᠢᠯᠡᠴᠢᠯᠡᠬᠡᠨ ᠤ ᠲᠥᠪ ᠤᠨ ᠠᠷᠠᠳ ᠲᠤ ᠲᠦᠬᠦᠮ ᠦᠵᠡᠬᠦᠯᠬᠦ ᠬᠠᠯᠠᠮᠰᠢᠯ ᠤᠳᠠᠰᠤᠨ ᠤ ᠦᠢᠯᠡᠴᠢᠯᠡᠬᠡᠨ ᠤ ᠭᠠᠵᠠᠷ ᠢ 2018 ᠣᠨ ᠤ 4 ᠳ᠋ᠤᠭᠡᠷ ᠰᠠᠷ᠎ᠠ ᠳᠤ ᠨᠡᠪᠳᠡᠷᠡᠬᠦᠯᠦᠭᠰᠡᠨ ᠠᠴᠠ ᠨᠠᠰᠢ 10120 ᠤᠳᠠᠰᠣ ᠶᠢ ᠲᠤᠰᠴᠤ ᠨᠢᠭᠡᠨᠳᠡ 9979 ᠬᠤᠪᠢ ᠤᠴᠢᠷ ᠢ ᠠᠮᠵᠢᠯᠳᠠ ᠲᠠᠢ ᠰᠢᠢᠳᠪᠤᠷᠢᠯᠠᠨ ᠦᠯᠡᠳᠡᠭᠰᠡᠨ 141 ᠤᠴᠢᠷ ᠢ ᠶᠠᠭ ᠰᠠᠶᠢᠬᠠᠨ ᠰᠢᠢᠳᠪᠤᠷᠢᠯᠠᠵᠤ ᠪᠠᠶᠢᠨ᠎ᠠ᠃      ᠮᠠᠨ ᠤ  ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠰᠢᠨ᠎ᠡ ᠴᠠᠭ ᠦᠶ᠎ᠡ ᠶᠢᠨ ᠦᠨᠳᠦᠰᠦᠳᠡᠨ ᠤ ᠠᠵᠢᠯ ᠤᠨ ᠱᠠᠭᠠᠷᠳᠠᠯᠭ᠎ᠠ ᠪᠠᠷ ᠦᠢᠯᠡᠴᠢᠯᠡᠭᠡ ᠶᠢ ᠰᠢᠯᠢᠳᠡᠭᠵᠢᠭᠦᠯᠵᠤ ᠡᠯ᠎ᠡ ᠦᠨᠳᠦᠰᠦᠲᠡᠨ ᠤ ᠡᠷᠭᠡ ᠲᠡᠭᠰᠢ ᠶᠢ ᠤᠯᠠᠮ ᠨᠢᠭᠡ ᠠᠯᠬᠤᠮ ᠪᠠᠳᠤᠯᠠᠬᠤ᠂ ᠦᠨᠳᠦᠰᠦᠲᠡᠨ ᠤ ᠪᠦᠯᠭᠦᠮᠳᠡᠯ ᠤᠨ ᠤᠬᠠᠭᠤᠯᠭ᠎ᠠ ᠬᠦᠮᠦᠵᠢᠯ   ᠤᠨ ᠠᠵᠢᠯ ᠢ ᠬᠦᠨᠵᠡᠬᠡᠶᠢᠷᠡᠬᠦᠯᠬᠦ᠂  ᠦᠢᠯᠡᠴᠢᠯᠡᠭᠡᠨ ᠤ ᠭᠦᠷᠢᠶ᠎ᠡ ᠬᠡᠪᠴᠢᠶ᠎ᠡ ᠶᠢ ᠦᠷᠭᠡᠳᠭᠡᠬᠦ᠂ ᠤᠴᠢᠷ ᠶᠠᠪᠤᠳᠠᠯ ᠪᠡᠶᠡᠯᠡᠭᠦᠯᠭᠦ ᠳᠤ ᠲᠦᠭᠦᠮ ᠪᠣᠯᠭᠠᠬᠤ ᠵᠡᠷᠬᠡ ᠠᠵᠢᠯ ᠤᠨ ᠠᠷᠭ᠎ᠠ ᠬᠡᠯᠪᠡᠷᠢ ᠪᠠᠷ ᠦᠢᠯᠡᠴᠢᠯᠡᠭᠡ ᠪᠠᠨ ᠴᠢᠩᠭᠠᠳᠬᠵᠦ ᠪᠤᠢ      ᠦᠥᠰᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ  ᠤ ᠲᠤᠪᠴᠢᠶ᠎ᠠ ᠶᠢᠨ ᠨᠠᠮ ᠤᠨ ᠲᠤᠭᠤᠶᠢᠯᠠᠩ ᠤᠨ ᠱᠦᠵᠢ ᠲᠡᠮᠤᠷ᠄ ︽ᠮᠠᠨ ᠤ ᠲᠦᠪ ᠨᠢ ᠤᠳᠤᠬᠠᠨ ᠳᠤ ᠬᠤᠳᠠ ᠶᠢᠨ ᠲᠡᠰ ᠤᠨ ᠦᠨᠳᠦᠰᠦᠳᠡᠨ  ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠨᠢᠭᠡᠴᠢ ᠪᠠᠷ ᠦᠨᠡᠯᠡᠭᠳᠡᠭᠰᠡᠨ ᠪᠠᠶᠢᠨ᠎ᠠ᠃ ᠪᠢᠳᠠ ᠡᠨᠡ ᠰᠠᠭᠤᠷᠢᠨ ᠲᠡᠭᠡᠷ᠎ᠡ ᠦᠷᠬᠦᠯᠵᠢᠯᠡᠨ ᠴᠢᠷᠮᠠᠶᠢᠵᠤ ᠤᠷᠤᠨ ᠪᠠ ᠤᠯᠤᠰ ᠤᠨ ᠲᠡᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ  ᠶᠢᠨ ᠲᠡᠷᠢᠬᠦᠨ ᠤ ᠨᠢᠭᠡᠴᠢ ᠪᠣᠯᠬᠤ ᠪᠠᠷ ᠴᠢᠷᠮᠠᠶᠢᠨ ᠠᠵᠢᠯᠯᠠᠵᠤ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号