︽ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠣᠬᠠᠢ ᠴᠢᠬᠤᠯᠠ ᠦᠬᠦᠯᠠᠯᠳᠠ ᠶᠢᠨ ᠲᠡᠬᠦᠪᠦᠷᠢ︾ ᠶᠢ ᠬᠡᠪᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/10/12
     ᠨᠠᠮ ᠤᠨ ᠲᠦᠪ ᠬᠤᠷᠢᠶᠠᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠠᠯᠠᠩ ᠤᠨ ᠨᠠᠶᠢᠷᠠᠭᠤᠯᠤᠬᠰᠠᠨ ︽ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠤᠬᠠᠢ ᠴᠢᠬᠤᠯᠠ ᠦᠬᠦᠯᠠᠯᠳᠠ ᠶᠢᠨ ᠲᠡᠬᠦᠪᠤᠷᠢ︾ ᠶᠢ ᠤᠢᠢᠷ᠎ᠠ ᠶᠢᠨ ᠡᠳᠦᠷ ᠲᠦᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠠᠭᠦᠯᠵᠤ᠂ ᠪᠦᠬᠦ ᠤᠯᠤᠰ ᠲᠤ ᠲᠠᠷᠬᠠᠭᠠᠪᠠ᠃      ᠡᠨᠡ ᠬᠦ ᠲᠤᠰᠬᠠᠢ ᠰᠡᠳᠤᠪᠳᠤ ᠵᠤᠬᠢᠶᠠᠯ ᠤᠨ ᠲᠡᠬᠦᠪᠤᠷᠢ ᠨᠢ ᠰᠢ ᠶᠢᠨ ᠫᠢᠩ ᠨᠦᠬᠦᠷ ᠤᠨ ᠪᠦᠬᠦ ᠤᠯᠤᠰ ᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠤᠨ ᠰᠠᠶᠢᠰᠢᠶᠠᠬᠤ ᠶᠡᠭᠡ ᠬᠤᠷᠠᠯ ᠲᠡᠭᠡᠷᠡᠬᠢ ᠶᠠᠷᠢᠶ᠎ᠠ ᠪᠠᠷ ᠡᠬᠢᠯᠠᠯᠳᠠ ᠶᠢᠨ ᠵᠤᠬᠢᠶᠠᠯ ᠪᠤᠯᠭᠠᠵᠤ᠂ ᠰᠢ ᠶᠢᠨ ᠫᠢᠩ ᠨᠦᠬᠦᠷ ᠤᠨ 2020 ᠤᠨ ᠤ 1 ᠰᠠᠷ᠎ᠠ ᠶᠢᠨ 20 ᠤ ᠡᠳᠤᠷ ᠠᠴᠠ 9 ᠰᠠᠷ᠎ᠠ ᠶᠢᠨ 23 ᠤ ᠡᠳᠤᠷ ᠪᠤᠯᠳᠠᠯᠠᠬᠢ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠤᠬᠠᠢ 43 ᠴᠢᠬᠤᠯᠠ ᠵᠤᠬᠢᠶᠠᠯ ᠢ ᠨᠠᠶᠢᠷᠠᠭᠤᠯᠤᠨ ᠤᠷᠤᠭᠤᠯᠪᠠ᠃ ᠡᠬᠦᠨ ᠤ ᠲᠤᠲᠤᠷᠠᠬᠢ ᠵᠠᠷᠢᠮ ᠵᠤᠬᠢᠶᠠᠯ ᠢ ᠠᠩᠬ᠎ᠠ ᠤᠳᠠᠭ᠎ᠠ ᠢᠯᠠ ᠪᠠᠷ ᠨᠡᠶᠢᠳᠠᠯᠠᠵᠤ ᠪᠠᠶᠢᠨ᠎ᠠ᠃      ᠵᠢᠯ ᠤᠨ ᠡᠬᠢᠨ ᠠᠴᠠ ᠨᠠᠭᠠᠰᠢ᠂ ᠬᠡᠨᠡᠳᠳᠡ ᠪᠠᠷ ᠡᠭᠦᠰᠦᠭᠰᠡᠡ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠬᠦᠯ ᠮᠡᠨᠳᠤ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠪᠦᠬᠦ ᠲᠠᠯ᠎ᠠ ᠶᠢ ᠡᠵᠡᠮᠳᠡᠵᠤ᠂ ᠡᠷᠡᠰ ᠲᠠᠰᠤᠷᠬᠠᠢ ᠰᠢᠢᠳᠪᠤᠷᠢᠳᠤ ᠪᠤᠳᠤᠯᠭ᠎ᠠ ᠭᠠᠷᠭᠠᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠤᠳᠤᠷᠢᠳᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠢ ᠬᠢᠪᠠ᠃ ᠰᠢ ᠶᠢᠨ ᠫᠢᠩ ᠨᠦᠬᠦᠷ ᠪᠠᠶ᠎ᠠ ᠪᠠᠷ ᠢᠶᠠᠨ ᠵᠢᠯᠤᠭᠤᠳᠴᠤ᠂ ᠪᠠᠶ᠎ᠠ ᠪᠠᠷ ᠢᠶᠠᠨ ᠪᠠᠶᠢᠷᠢᠯᠠᠭᠤᠯᠵᠤ᠂ ᠤᠯᠠᠨ ᠤᠳᠠᠭ᠎ᠠ ᠬᠤᠷᠠᠯ ᠬᠤᠷᠠᠯᠳᠤᠭᠤᠯᠤᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠤᠬᠤᠯᠠᠪᠤᠷᠢ ᠦᠭᠬᠦᠭᠰᠡᠨ ᠪᠠᠶᠢᠨ᠎ᠠ᠃ ᠬᠠᠳᠠᠭᠤᠵᠢᠯᠳᠠᠢ ᠭᠠᠷᠮᠠᠭᠠᠢ ᠴᠢᠷᠮᠠᠶᠢᠯᠭ᠎ᠠ ᠪᠠᠷ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠰᠢᠢᠳᠪᠤᠷᠢᠳᠤ ᠴᠢᠨᠠᠷᠳᠠᠢ ᠦᠷ᠎ᠡ ᠪᠦᠲᠦᠭᠡᠯ ᠤᠯᠵᠤ᠂ ᠪᠦᠬᠦ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠴᠢᠬᠤᠯᠡ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠠᠵᠢᠯ ᠢᠯᠡᠳᠳᠡ ᠦᠷ᠎ᠠ ᠪᠦᠳᠤᠮᠵᠢ ᠤᠯᠪᠠ᠃ ︽ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠤᠬᠠᠢ ᠴᠢᠬᠤᠯᠠ ᠦᠬᠦᠯᠠᠯᠳᠠ ᠶᠢᠨ ᠲᠡᠬᠦᠪᠦᠷᠢ︾ ᠶᠢ ᠬᠡᠪᠯᠠᠨ ᠲᠠᠷᠬᠠᠭᠠᠬᠰᠠᠨ ᠨᠢ ᠦᠷᠬᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠨᠦᠬᠦᠷ ᠤᠨ ᠬᠤᠯᠪᠤᠬᠳᠠᠯ ᠪᠦᠬᠦᠢ ᠴᠢᠬᠤᠯᠠ ᠦᠬᠦᠯᠠᠯᠳᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠠᠵᠢᠯ ᠢ ᠰᠠᠶᠢᠳᠤᠷ ᠬᠢᠬᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠲᠠᠶᠢᠯᠠᠯᠳᠤᠭᠠᠨ ᠤ ᠢᠯᠠᠯᠳᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠬᠦ ᠬᠠᠷᠠᠯᠳᠠ ᠡᠬᠦᠷᠬᠡ ᠶᠢ ᠴᠢᠷᠮᠠᠶᠢᠨ ᠪᠡᠶᠡᠯᠡᠬᠦᠯᠬᠦ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号