ᠮᠠᠨ ᠤ ᠬᠤᠰᠢᠭᠤ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠰᠤᠷᠤᠯᠴᠠᠬᠤ ᠲᠠᠪᠴᠠᠩ ᠤᠨ ᠮᠡᠳᠡᠯᠭᠡ  ᠶᠢᠨ ᠤᠷᠤᠯᠳᠤᠭᠠᠨ ᠢ ᠶᠠᠪᠤᠳᠠᠭᠤᠯᠪᠠ
ᠨᠡᠶᠢᠲᠡᠯᠡᠭᠰᠡᠨ ᠴᠠᠭ᠄
2020/10/12
     ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠮᠠᠨ ᠤ ᠬᠤᠰᠢᠭᠤ ︽ᠰᠤᠷᠤᠯᠴᠯᠠᠭ᠎ᠠ ᠶᠢᠨ ᠬᠦᠴᠦᠷᠭᠡᠭ ᠤᠯᠤᠰ︾ ᠰᠤᠷᠤᠯᠴᠠᠬᠤ ᠲᠠᠪᠴᠠᠩ ᠤᠨ ᠰᠤᠷᠢᠯᠲᠠ ᠶᠢᠨ ᠰᠡᠲᠦᠪ ᠤᠨ ᠮᠡᠳᠡᠯᠭᠡ ᠶᠢᠨ ᠤᠷᠤᠯᠳᠤᠭᠠᠨ ᠢ ᠡᠷᠭᠢᠯᠠᠨ ᠬᠢᠪᠡ᠃ ᠮᠠᠨ ᠤ ᠬᠤᠰᠢᠭᠤᠨ ᠤ ᠠᠯᠪᠠᠨ ᠪᠠᠶᠢᠭᠤᠯᠭ᠎ᠠ ᠶᠢᠨ ᠺᠠᠲᠠᠷ ᠠᠵᠢᠯᠲᠠᠨ ᠵᠢᠴᠢ ᠦᠨᠳᠦᠰᠦᠨ ᠱᠠᠲᠤᠨ ᠤ ᠺᠠᠳ᠋ᠷ ᠠᠵᠢᠯᠲᠠᠳ ᠵᠡᠷᠭᠡ 140 ᠭᠠᠷᠤᠢ ᠬᠦᠮᠦᠨ ᠤᠷᠤᠯᠳᠤᠭᠠᠨ ᠳᠤ ᠤᠷᠤᠯᠴᠠᠵᠤ ᠤᠷᠤᠯᠳᠤᠭᠠᠨ ᠨᠢ ᠣᠯᠣᠰ ᠤᠨ ᠳᠣᠳᠣᠭᠠᠲᠣ ᠶᠢᠨ ᠴᠢᠬᠤᠯᠠ ᠰᠤᠨᠢᠨ ᠮᠡᠳᠡᠭᠡ᠂ ᠬᠠᠥᠯᠢ ᠲᠦᠷᠢᠮ ᠵᠡᠷᠭᠡ ᠤᠯᠠᠨ ᠲᠠᠯ᠎ᠠ ᠶᠢᠨ ᠠᠭᠤᠯᠭ᠎ᠠ ᠶᠢ ᠬᠠᠮᠤᠷᠠᠭᠰᠠᠨ ᠮᠡᠳᠡᠯᠭᠡ ᠶᠢᠨ ᠰᠡᠲᠤᠪ ᠢ ᠭᠠᠷ ᠤᠲᠠᠰᠤ ᠪᠠᠷ ᠰᠦᠯᠵᠢᠶᠡᠨ ᠲᠡᠭᠡᠷ᠎ᠡ ᠬᠠᠷᠢᠭᠤᠯᠬᠤ ᠬᠡᠯᠪᠡᠷᠢ ᠪᠠᠷ ᠶᠠᠪᠤᠭᠳᠠᠭᠰᠠᠨ ᠪᠠᠶᠢᠨ᠎ᠠ᠃
     ᠦᠥᠰᠢᠨ ᠬᠤᠰᠢᠭᠤᠨ ᠤ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠠᠵᠢᠯᠲᠠᠨ ᠽᠠᠨᠳᠠᠨ᠄ ︽ᠨᠠᠮ ᠤᠨ ᠭᠡᠰᠢᠬᠦᠨ ᠪᠤᠯᠤᠭᠰᠠᠨ ᠬᠤᠪᠢ ᠳᠤ ᠡᠩ ᠤᠨ ᠴᠠᠭ ᠤᠨ ᠰᠤᠷᠤᠯᠴᠠᠯᠭ᠎ᠠ ᠠᠴᠠ ᠡᠬᠢᠯᠡᠨ ᠠᠵᠢᠯ ᠠᠮᠢᠳᠤᠷᠠᠯ ᠤᠨ ᠲᠤᠮᠳᠠ ᠠᠴᠠ ᠡᠨᠡ ᠲᠠᠪᠴᠠᠩ ᠢᠶᠠᠨ ᠤᠯᠠᠮ ᠰᠠᠶᠢᠬᠠᠨ ᠠᠰᠢᠭᠯᠠᠵᠤ ᠤᠯᠤᠰ ᠤᠨ ᠲᠦᠷᠦ ᠶᠢᠨ ᠪᠤᠳᠤᠯᠭ᠎ᠠ᠂ ᠨᠠᠮ ᠤᠨ ᠪᠤᠳᠤᠯᠭ᠎ᠠ ᠶᠢ ᠤᠯᠠᠮ ᠰᠠᠶᠢᠬᠠᠨ ᠰᠤᠷᠤᠯᠴᠠᠵᠤ ᠦᠪᠡᠷ ᠤᠨ ᠰᠤᠶᠤᠯ ᠮᠡᠳᠡᠯᠭᠡ  ᠪᠠᠨ ᠲᠡᠭᠡᠭᠰᠢᠯᠡᠬᠦᠯᠦᠶ᠎ᠡ ᠬᠡᠵᠦ ᠪᠤᠳᠤᠵᠤ ᠪᠠᠶᠢᠨ᠎ᠠ︾ ᠬᠡᠵᠤ ᠶᠠᠷᠢᠵᠤ ᠪᠠᠶᠢᠯ᠎ᠠ᠃
     ᠣᠷᠣᠯᠳᠣᠭᠠᠨ ᠤ ᠡᠴᠤᠰ ᠲᠤ ᠡᠮᠦᠨ᠎ᠡ ᠵᠢᠷᠭᠤᠭᠠᠨ ᠨᠠᠷ᠎ᠠ ᠳᠤ ᠲᠤᠳᠤᠷᠠᠭᠰᠠᠨ ᠬᠠᠮᠲᠤ ᠨᠢᠭᠡᠴᠢ᠂ ᠡᠮᠦᠨ᠎ᠡ 20 ᠨᠠᠷ᠎ᠠ ᠳᠤ ᠲᠤᠳᠤᠷᠠᠭᠰᠠᠨ ᠬᠤᠪᠢ ᠬᠦᠮᠦᠨ᠂ ᠦᠷᠢᠰᠦᠯᠳᠦᠬᠡᠨ ᠤ ᠬᠠᠷᠢᠭᠤᠯᠲᠠ ᠶᠢᠨ ᠰᠡᠲᠤᠪ ᠤᠨ ᠪᠤᠭᠤᠮᠲᠠ  ᠶᠢ ᠲᠠᠪᠠᠭᠰᠠᠨ 20 ᠨᠡᠷ᠎ᠡ ᠶᠢ ᠲᠤᠰ ᠲᠤᠰ ᠱᠠᠩᠨᠠᠨ ᠭᠦᠬᠢᠬᠦᠯᠦᠯ᠎ᠡ᠃
     ᠦᠥᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠵᠢᠯᠲᠠᠨ ᠰᠡᠴᠡᠨᠳᠡᠯᠭᠡᠷ᠄ ︽ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠶᠢᠨ ᠠᠵᠢᠯᠲᠠᠨ ᠵᠢᠴᠢ ᠦᠨᠳᠦᠰᠦᠨ ᠱᠠᠲᠤᠨ ᠤ ᠺᠠᠳ᠋ᠷ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠵᠦ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠰᠤᠷᠤᠯᠴᠠᠬᠤ᠂ ᠡᠵᠡᠮᠰᠢᠬᠦ ᠵᠡᠷᠭᠡ ᠡᠭᠦᠳᠡᠨ ᠠᠴᠠ ᠲᠤᠰ ᠤᠳᠠᠭᠠᠨ ᠤ ᠰᠤᠷᠤᠯᠴᠠᠯᠭ᠎ᠠ ᠶᠢᠨ ᠬᠦᠴᠦᠷᠭᠡᠭ ᠤᠯᠤᠰ ᠤᠨ ᠮᠡᠳᠡᠯᠭᠡ ᠶᠢᠨ ᠤᠷᠤᠯᠳᠤᠭᠠᠨ ᠢ ᠶᠠᠪᠤᠭᠳᠠᠭᠤᠯᠵᠠᠢ᠃ ᠪᠢᠳᠠ ᠲᠠᠷᠠᠭᠠᠴᠢ ᠶᠢᠨ ᠠᠯᠬᠤᠮ ᠳᠤ ᠨᠡᠩ ᠦᠷᠭᠡᠨ ᠲᠡᠯᠭᠡᠷ ᠭᠡᠪᠴᠢᠶ᠎ᠡ ᠪᠠᠷ ᠠᠵᠢᠯᠲᠠᠨ᠂ ᠮᠠᠯᠴᠢᠨ ᠲᠠᠷᠢᠶᠠᠴᠢᠨ ᠳᠤ ᠬᠠᠨᠳᠤᠭᠤᠯᠵᠤ ᠡᠶᠢᠮᠦ ᠰᠤᠷᠢᠯᠲᠠ ᠶᠢ ᠢᠯᠡᠬᠦᠬᠡᠨ ᠦᠷᠨᠢᠬᠦᠯᠬᠦ  ᠪᠠᠷ ᠪᠤᠳᠤᠵᠤ ᠪᠠᠶᠢᠨ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号