ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠤᠯᠭᠦᠶ ᠥᠢᠯᠡᠳᠪᠤᠷᠢᠯᠠᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/10/12
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠤ᠋ ᠰᠢᠷᠬᠤᠰᠤᠨ ᠪᠠᠯᠭᠠᠰᠤ᠂ ᠰᠦᠯᠳᠡ ᠰᠤᠮᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠶ ᠥᠢᠯᠡᠳᠪᠤᠷᠢᠯᠠᠯ ᠵᠡᠷᠭᠡ ᠠᠵᠢᠯ  ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠵᠤᠤ ᠹᠸᠢ ᠯᠤ᠋ ᠨᠡᠷ ᠤᠷᠢᠳ ᠬᠤᠵᠢᠳ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠭᠤᠤ ᠵᠢᠶᠦ᠋ᠨ ᠰᠢᠶᠤᠤ᠂ ᠰᠧ ᠱᠢ ᠭᠦᠸᠧ᠂ ᠴᠡᠩᠭᠡᠯᠳᠠᠯᠠᠢ ᠶᠢᠨ ᠭᠡᠷ ᠲᠤ ᠬᠦᠷᠴᠦ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠨ ᠦᠷ᠎ᠡ ᠭᠡᠤᠭᠡᠳ ᠤᠨ ᠬᠢᠨᠢ ᠠᠵᠢᠯ ᠣᠯᠭᠤᠯᠲᠠ᠂ ᠰᠤᠷᠭᠠᠨ ᠬᠥᠮᠦᠵᠢᠯ ᠵᠡᠷᠭᠡ ᠶᠢᠨ ᠪᠠᠶᠢᠳᠠᠯ ᠢ ᠬᠠᠯᠠᠮᠵᠢᠯᠠᠨ ᠠᠰᠠᠭᠤᠵᠤ ᠲᠡᠳᠡᠨ ᠲᠠᠢ ᠬᠠᠮᠲᠤ ᠪᠠᠷ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠣᠷᠣᠯᠭ᠎ᠠ ᠶᠢ ᠲᠥᠰᠦᠭᠡᠯᠡᠨ ᠪᠤᠳᠤᠵᠤ ᠲᠡᠳᠡᠨ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠪᠰᠤᠷᠤᠯᠭ᠎ᠠ ᠪᠠᠷ ᠥᠪᠡᠷ ᠤᠨ ᠬᠦᠴᠦ ᠪᠠᠷ ᠢᠶᠠᠨ ᠲᠡᠭᠵᠢᠷᠠᠨ ᠬᠦᠴᠢᠷ ᠪᠡᠷᠬᠡᠰᠢᠶᠡᠯ ᠢ ᠢᠯᠠᠨ ᠳᠠᠪᠠᠵᠤ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ ᠵᠤᠷᠢᠭᠵᠢᠭᠤᠯᠤᠭᠰᠠᠨ ᠪᠠᠶᠢᠨ᠎ᠠ᠃ ᠵᠤᠤ ᠹᠸᠢ ᠯᠦ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤᠷᠠᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠦᠷᠭᠦᠯᠵᠢᠯᠡᠨ ᠬᠠᠯᠠᠮᠵᠢᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠭᠢᠵᠢᠭᠦᠯᠭᠦ ᠭᠡᠷᠡᠭᠳᠠᠢ ᠭᠡᠵᠡᠢ᠃
     ᠰᠢᠷᠬᠤᠰᠤ ᠨᠢᠭᠡ ᠭᠤᠤᠯ ᠭᠤᠷᠪᠠᠨ ᠬᠦᠷᠢᠶᠡᠯᠡᠩ ᠤᠨ ᠥᠵᠠᠰᠭᠦᠯᠡᠩ ᠤᠨ ᠣᠷᠳᠣᠨ᠂ ᠰᠢᠷᠬᠤᠰᠤ ᠵᠢᠭᠤᠯᠴᠢᠯᠠᠯ ᠤᠨ ᠤᠷᠤᠨ ᠳᠤ ᠵᠤᠤ ᠹᠸᠢ ᠯᠦ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ ᠦᠵᠡᠰᠬᠦᠯᠡᠩ ᠤᠨ ᠣᠷᠳᠣᠨ ᠤ ᠳᠣᠲᠣᠷᠠᠬᠢ ᠴᠠᠬᠢᠯᠭᠠᠨ ᠤᠳᠠᠰᠤᠨ ᠤ ᠠᠮᠤᠷ ᠲᠥᠪᠰᠢᠨ ᠤ ᠳᠠᠯᠳᠠ ᠬᠡᠮ ᠢ ᠨᠠᠷᠢᠨ ᠪᠠᠶᠢᠴᠠᠭᠠᠵᠤ ᠦᠵᠡᠮᠵᠢ ᠶᠢᠨ ᠣᠷᠣᠨ ᠤ ᠵᠤᠭ᠎ᠠ ᠴᠡᠩᠭᠡᠯ ᠤᠨ ᠪᠡᠯᠡᠳᠭᠡᠯ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠢ ᠨᠠᠷᠢᠨ ᠤᠶᠢᠯᠭᠠᠭᠰᠠᠨ ᠪᠠᠶᠢᠨ᠎ᠠ᠃ ᠵᠤᠤ ᠹᠸᠢ ᠯᠦ ᠴᠢᠬᠤᠯᠠᠴᠢᠯᠠᠭᠰᠠᠨ ᠨᠢ᠂ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠡᠯ᠎ᠡ ᠲᠥᠷᠤᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠵᠢᠭᠤᠯᠴᠢᠯᠠᠭᠰᠠᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠬᠡᠷᠡᠭᠲᠡᠶ︔ ᠦᠵᠡᠮᠵᠢ ᠶᠢᠨ ᠣᠷᠣᠨ ᠪᠠ ᠡᠷᠭᠢᠨ ᠲᠣᠭᠤᠷᠢᠨ ᠤ ᠵᠣᠴᠢᠳ ᠤᠨ ᠪᠠᠭᠤᠳᠠᠯ ᠢ ᠨᠠᠷᠢᠨ ᠪᠠᠶᠢᠴᠠᠭᠠᠨ ᠴᠢᠩᠭ᠎ᠠ ᠬᠠᠮᠢᠶᠠᠷᠴᠤ ᠭᠠᠷᠴᠤ ᠮᠡᠳᠡᠬᠦ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠬᠤᠷᠢᠭᠯᠠᠨ ᠰᠡᠷᠭᠡᠶᠢᠯᠡᠵᠦ ︽ᠬᠤᠤᠰ ᠪᠠᠶᠠᠷ︾ ᠤᠨ ᠠᠮᠠᠷᠠᠯᠲᠠ ᠶᠢᠨ ᠬᠤᠭᠤᠴᠠᠭᠠᠨ ᠳᠠᠬᠢ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠭᠢᠭᠦ ᠭᠡᠷᠡᠭᠳᠠᠢ ᠭᠡᠵᠡᠢ᠃
     ᠪᠠᠲᠤ ᠶᠢᠨ ᠲᠣᠬᠤᠢ ᠤᠰᠤᠨ ᠴᠥᠭᠦᠷᠥᠮ ᠳᠤ ᠵᠣᠣ ᠹᠸᠢ ᠯᠦ ᠰᠢᠷᠬᠤᠰᠤᠨ ᠭᠤᠤᠯ ᠤᠨ ᠰᠠᠪᠠ ᠭᠠᠵᠠᠷ ᠤᠨ ᠵᠠᠰᠠᠯᠲᠠ ᠶᠢᠨ ᠪᠠᠶᠢᠳᠠᠯ ᠪᠣᠯᠤᠨ ᠪᠠᠳᠤ ᠶᠢᠨ ᠲᠤᠬᠤᠢ ᠤᠰᠤᠨ ᠴᠥᠭᠦᠷᠥᠮ ᠤᠨ ᠠᠶᠤᠯ ᠢ ᠰᠠᠷᠭᠡᠶᠢᠯᠠᠨ ᠪᠠᠬᠢᠵᠢᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠤᠶᠢᠯᠠᠭᠠᠭᠰᠠᠨ ᠪᠥᠭᠡᠳ ᠮᠠᠨ ᠤ ᠬᠤᠰᠢᠭᠤᠨ ᠤ ᠤᠰᠤᠨ ᠤ ᠠᠮᠢ ᠠᠬᠤᠶ ᠶᠢᠨ ᠪᠣᠯᠪᠠᠰᠤᠨ ᠤ ᠬᠥᠮᠦᠵᠢᠯ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠪᠡ᠃ ᠵᠤᠤ ᠹᠸᠢ ᠯᠦ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ ᠭᠤᠤᠯ ᠤᠨ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢ ᠰᠠᠶᠢᠨ ᠭᠢᠵᠤ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠵᠡᠷᠭᠡ ᠶᠢᠨ ᠠᠵᠢᠯ ᠢ ᠴᠢᠩᠭ᠎ᠠ ᠠᠳᠬᠤᠵᠤ ᠭᠤᠤᠯ ᠮᠥᠷᠠᠨ ᠨᠠᠭᠤᠷ ᠴᠥᠭᠦᠷᠤᠮ ᠤᠨ ᠳᠠᠷᠤᠭ᠎ᠠ ᠶᠢᠨ ᠲᠦᠷᠢᠮ ᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ︔ ᠤᠰᠤᠨ ᠤ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠢ ᠨᠡᠭᠡᠭᠡᠨ ᠭᠥᠭᠵᠢᠭᠦᠯᠭᠦ ᠠᠵᠢᠯ ᠢ ᠪᠦᠬᠦ ᠲᠠᠯ᠎ᠠ ᠪᠠᠷ ᠠᠬᠢᠭᠤᠯᠵᠤ ᠭᠤᠣᠯ ᠮᠥᠷᠡᠨ ᠨᠠᠭᠤᠷ ᠴᠥᠭᠦᠷᠥᠮ ᠤᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ ︽ᠤᠰᠤ ᠶᠢ ᠬᠠᠶᠢᠷᠠᠯᠠᠬᠤ᠂ ᠤᠰᠤ ᠶᠢ ᠭᠠᠮᠨᠠᠬᠤ᠂ ᠤᠰᠤ ᠶᠢ ᠬᠠᠮᠠᠭᠠᠯᠠᠬᠤ︾ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠬᠤ ᠭᠡᠷᠡᠭᠳᠠᠢ ᠭᠡᠵᠡᠢ᠃
     ᠱᠠᠷᠯᠢᠭ ᠭᠠᠴᠠᠭᠠᠨ ᠤ ᠠᠦ᠋ᠲ᠋ᠤᠴᠢᠯᠠᠭᠰᠠᠨ ᠠᠮᠤ ᠪᠤᠳᠠᠭ᠎ᠠ ᠪᠣᠯᠪᠠᠰᠤᠷᠠᠭᠤᠯᠬᠤ ᠦᠢᠯᠡᠳᠪᠦᠷᠢ ᠪᠠ ᠲᠠᠯ᠎ᠠ ᠨᠤᠲᠤᠭ ᠤᠨ ᠡᠾᠧ ᠨᠢᠤ ᠦᠬᠡᠷ ᠲᠡᠵᠢᠭᠡᠨ ᠮᠠᠯᠵᠢᠬᠤ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠤᠤ ᠹᠸᠢ ᠯᠦ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠨᠢ ᠠᠵᠤ ᠦᠢᠯᠡᠰ ᠢ ᠭᠥᠭᠵᠢᠭᠦᠯᠬᠦ ᠳᠤ ᠪᠤᠢ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠥᠢᠯᠡᠰ ᠢ ᠬᠥᠭᠵᠢᠭᠦᠯᠵᠦ ᠣᠷᠣᠨ ᠪᠥᠰᠠᠴᠢᠯᠡᠭᠰᠠᠨ ᠨᠠᠷ᠎ᠠ ᠲᠡᠮᠳᠡᠭ ᠢ ᠡᠭᠦᠳᠤᠨ ᠳᠠᠭᠠᠭᠤᠯᠤᠭᠴᠢ ᠠᠵᠤ ᠠᠬᠤᠶᠢᠯᠠᠯ ᠤᠨ ᠮᠠᠯ ᠲᠠᠷᠢᠶᠠᠯᠠᠩ ᠠᠵᠤ ᠠᠬᠤᠶ ᠶᠢᠨ ᠣᠳᠣᠬᠢᠴᠢᠯᠠᠯᠲᠠ ᠳᠠᠬᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠠᠭᠢᠭᠤᠯᠬᠤ ᠭᠡᠷᠡᠭᠳᠠᠢ ᠭᠡᠵᠡᠢ᠃
     ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠵᠣᠣ ᠹᠧᠶ ᠯᠦ ᠨᠡᠷ ᠤᠷᠢᠳ ᠬᠤᠵᠢᠳ ᠰᠢᠷᠬᠤᠰᠤᠨ ᠪᠠᠯᠭᠠᠰᠤᠨ ᠤ ᠾᠧ ᠶᠤᠸᠠᠨ ᠨᠡᠶᠢᠭᠡᠮ ᠲᠣᠭᠤᠷᠢᠭ ᠤᠨ ᠥᠢᠯᠠᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ᠂ ᠱᠠᠷᠯᠢᠭ ᠬᠤᠪᠢᠰᠬᠠᠯᠳᠤ ᠦᠵᠡᠮᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠱᠠᠷᠯᠢᠭ ᠰᠤᠷᠭᠠᠭᠤᠯᠢ ᠶᠢᠨ ᠪᠠᠭᠰᠢ ᠠᠵᠢᠯᠲᠠᠨ ᠲᠠᠢ ᠰᠠᠭᠤᠨ ᠶᠠᠷᠢᠯᠴᠠᠵᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶ᠎ᠠ ᠪᠦᠬᠦᠢ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号