ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠲᠤᠭ ᠪᠠᠯᠭᠠᠰᠤ ᠥᠥᠰᠢᠨᠵᠤᠤ ᠪᠠᠯᠭᠠᠰᠤ ᠭᠠᠯᠠᠭᠤᠳᠤ ᠪᠠᠯᠭᠠᠰᠤ ᠰᠥᠯᠳᠠ ᠰᠤᠮᠤᠨ ᠳᠤ ᠭᠥᠨᠵᠡᠭᠡᠶᠢᠷᠠᠨ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/10/12
     10 ᠰᠠᠷ᠎ᠠ ᠶᠢᠨ 6 ᠤ ᠡᠳᠤᠷ ᠠᠴᠠ 7 ᠤ ᠡᠳᠤᠷ ᠪᠤᠯᠳᠠᠯ᠎ᠠ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠲᠤᠭ᠂ ᠥᠥᠰᠢᠨᠵᠤᠤ᠂ ᠭᠠᠯᠠᠭᠤᠳᠤ ᠪᠠᠯᠭᠠᠰᠤ ᠵᠢᠴᠢ ᠰᠥᠯᠳᠠ ᠰᠤᠮᠤᠨ ᠳᠤ ᠭᠥᠨᠵᠡᠭᠡᠶᠢᠷᠠᠨ ᠪᠠᠶᠢᠴᠠᠭᠠᠨ ᠰᠤᠳᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠯᠠᠭᠠᠳᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠡᠷᠳᠡᠨᠢᠪᠢᠯᠢᠭ ᠨᠡᠷ ᠡᠯ᠎ᠡ ᠰᠤᠮᠤ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠪᠠᠶᠢᠴᠠᠭᠠᠨ ᠰᠤᠳᠤᠯᠤᠯᠲᠠ ᠬᠢᠵᠦ ᠤᠢᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠨ ᠤᠯᠤᠰ ᠲᠥᠷᠥ ᠶᠢᠨ ᠤᠬᠠᠮᠰᠠᠷ ᠢᠶᠠᠨ ᠲᠡᠭᠡᠭᠰᠢᠯᠠᠭᠦᠯᠵᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠳᠤᠯᠠᠬᠤ ᠭᠡᠷᠡᠭᠳᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ︽ᠲᠠᠪᠤ ᠶᠢ ᠲᠣᠳᠣᠷᠬᠠᠶ ᠶᠠᠷᠢᠬᠤ︾᠂ ︽ᠲᠠᠪᠤ ᠶᠢ ᠬᠤᠪᠢᠷᠠᠭᠤᠯᠬᠤ ᠦᠭᠡᠶ︾ ᠪᠠᠶᠢᠬᠤ ᠲᠠᠢ ᠤᠶᠠᠯᠳᠤᠭᠤᠯᠤᠨ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠬᠠᠮᠠᠭᠠᠯᠠᠨ ᠶᠠᠰᠤ ᠴᠢᠨᠠᠷ ᠢ ᠲᠡᠭᠡᠭᠰᠢᠯᠠᠭᠦᠯᠵᠤ ᠮᠠᠨ ᠤ ᠬᠤᠰᠢᠭᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠢ ᠰᠠᠶᠢᠳᠤᠷ ᠭᠢᠭᠦ ᠭᠡᠷᠡᠭᠳᠠᠢ ᠭᠡᠵᠡᠢ᠃
     ᠡᠷᠳᠡᠨᠢᠪᠢᠯᠢᠭ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠰᠤᠷᠭᠠᠨ ᠬᠥᠮᠦᠵᠢᠯ ᠤᠨ ᠰᠢᠰᠲ᠋ᠧᠮ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠤᠰ ᠤᠨ ᠪᠠᠶᠠᠷ ᠤᠨ ᠠᠮᠠᠷᠠᠯᠲᠠ ᠤᠳᠠᠯ ᠦᠭᠡᠢ ᠳᠠᠭᠤᠰᠬᠤ ᠭᠡᠵᠦ ᠪᠠᠶᠢᠭ᠎ᠠ ᠪᠤᠯᠬᠤᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠷᠢᠭᠤᠴᠠᠯᠭᠠᠲᠤ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠲᠣᠰ ᠲᠣᠰ ᠤᠨ ᠡᠭᠦᠷᠭᠡ ᠲᠤᠰᠢᠶᠠᠯ ᠢᠶᠠᠨ ᠭᠥᠢᠴᠡᠳᠭᠡᠨ ᠡᠯ᠎ᠡ ᠲᠥᠷᠤᠯ ᠤᠨ ᠠᠵᠢᠯ ᠢᠶᠠᠨ ᠪᠣᠳᠠᠲᠠᠶ ᠠᠳᠬᠤᠵᠤ ᠰᠤᠷᠭᠠᠭᠤᠯᠢ ᠶᠢᠨ ᠬᠦᠷᠢᠶᠡᠨ ᠤ ᠳᠣᠲᠣᠷ᠎ᠠ ᠭᠠᠳᠠᠨᠠᠬᠢ ᠠᠮᠤᠷ ᠲᠦᠪᠰᠢᠨ ᠢ ᠪᠠᠳᠤᠯᠠᠨ ᠥᠷᠭᠡᠨ ᠣᠯᠠᠨ ᠪᠠᠭᠰᠢ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ ᠭᠡᠵᠡᠢ᠃      ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ ᠡᠷᠳᠡᠨᠢᠪᠢᠯᠢᠭ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠨᠠᠷ ᠲᠤ ᠲᠠᠯᠠᠷᠬᠠᠯ ᠤᠨ ᠰᠠᠳᠭᠢᠯ ᠢᠶᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠥᠷᠭᠡᠨ ᠣᠯᠠᠨ ᠴᠠᠭᠳᠠᠭ᠎ᠠ ᠨᠠᠷ ᠰᠠᠶᠢᠨ ᠰᠠᠶᠢᠬᠠᠨ ᠣᠶᠤᠨ ᠰᠠᠨᠠᠭᠠᠨ ᠤ ᠪᠠᠶᠢᠳᠠᠯ ᠢᠶᠠᠨ ᠪᠠᠲᠤᠯᠠᠵᠤ ᠠᠵᠢᠯ ᠤᠨ ᠪᠠᠶᠢᠷᠢ ᠪᠠᠨ ᠰᠠᠭᠢᠬᠤ ᠶᠢ ᠪᠠᠷᠢᠮᠳᠠᠯᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠣᠯᠠᠨ ᠲᠦᠮᠡᠨ ᠳᠤ ᠠᠮᠤᠷ ᠲᠦᠪᠰᠢᠨ᠂ ᠰᠠᠭᠠᠳ ᠦᠭᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠢ᠃
     ᠳᠤᠯᠠᠭᠠᠯᠠᠭ᠎ᠠ ᠬᠠᠩᠭᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠡᠷᠳᠡᠨᠢᠪᠢᠯᠢᠭ ᠴᠢᠬᠤᠯᠠᠴᠢᠯᠠᠭᠰᠠᠨ ᠨᠢ᠂ ᠳᠤᠯᠠᠭᠠᠯᠠᠭ᠎ᠠ ᠬᠠᠩᠭᠠᠬᠤ ᠠᠵᠢᠯ ᠪᠣᠯ ᠣᠳᠣᠬᠠᠨ ᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ ᠪᠡᠯᠡᠳᠬᠡᠯ ᠠᠵᠢᠯ ᠢ ᠰᠠᠶᠢᠳᠤᠷ ᠬᠢᠵᠦ ᠲᠣᠭᠲᠠᠭᠰᠠᠨ ᠬᠤᠭᠤᠴᠠᠭᠠᠨ ᠳᠤ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠳᠤᠯᠠᠭᠠᠯᠠᠭ᠎ᠠ ᠬᠠᠩᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠨ ᠳᠤᠯᠠᠭᠠᠯᠠᠭ᠎ᠠ ᠶᠢᠨ ᠶᠠᠰᠤ ᠴᠢᠨᠠᠷ ᠢ ᠲᠡᠭᠡᠭᠰᠢᠯᠠᠭᠦᠯᠤᠨ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ᠂ ᠬᠤᠭᠤᠯᠠᠶ ᠲᠤᠤᠷ ᠤᠨ ᠡᠷᠭᠢᠯᠳᠠ ᠶᠢᠨ ᠪᠠᠶᠢᠳᠠᠯ ᠢ ᠨᠢᠮᠪᠠᠶ ᠪᠠᠶᠢᠴᠠᠭᠠᠵᠤ ᠳᠤᠯᠠᠭᠠᠯᠠᠭ᠎ᠠ ᠬᠠᠩᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠰᠢᠢᠳᠪᠤᠷᠢᠯᠠᠵᠤ ᠳᠤᠯᠠᠭᠠᠯᠠᠭ᠎ᠠ ᠶᠢᠨ ᠠᠵᠢᠯ ᠤᠷᠤᠭᠰᠢᠲᠠᠢ ᠶᠠᠪᠤᠭᠳᠠᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠳᠤᠯᠠᠬᠤ ᠭᠡᠷᠡᠭᠳᠠᠢ ᠭᠡᠵᠡᠢ᠃      ᠲᠠᠷᠠᠭᠠᠴᠢ ᠶᠢᠨ ᠱᠠᠲᠤᠨ ᠤ ᠪᠦᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠳᠤ ᠴᠢᠭᠯᠡᠭᠦᠯᠦᠨ ᠡᠷᠳᠡᠨᠢᠪᠢᠯᠢᠭ ᠴᠢᠬᠤᠯᠠᠴᠢᠯᠠᠭᠰᠠᠨ ᠨᠢ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠᠶᠢᠩᠭᠤ ᠶᠢᠨ ᠠᠵᠢᠯ ᠢ ᠰᠠᠶᠢᠲᠤᠷ ᠠᠳᠬᠤᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ︾ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠤᠨ ᠡᠯ᠎ᠡ ᠲᠥᠷᠥᠯ ᠤᠨ ᠠᠵᠢᠯ ᠥᠢᠯᠡᠰ ᠤᠨ ᠬᠥᠭᠵᠢᠯᠲᠡ ᠶᠢ ᠠᠭᠢᠭᠤᠯᠵᠤ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠨᠠᠮᠠᠷᠢᠯᠠᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号