ᠰᠢ ᠶᠢᠨ ᠫᠢᠩ ᠰᠤᠯᠤᠩᠭᠤᠰ ᠤᠨ ᠬᠦᠳᠡᠯᠮᠦᠷᠢᠴᠢᠨ ᠤ ᠨᠠᠮ ᠪᠠᠶᠢᠭᠤᠯᠤᠭᠳᠠᠭᠰᠠᠨ 75 ᠵᠢᠯ ᠤᠨ ᠤᠢ ᠳᠤ ᠵᠤᠷᠢᠭᠤᠯᠤᠨ ᠶᠢᠨ ᠵᠧᠩ ᠡᠸ᠋ᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/10/12
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 10 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠰᠤᠯᠤᠩᠭᠤᠰ ᠤᠨ ᠬᠦᠳᠡᠯᠮᠦᠷᠢᠴᠢᠨ ᠤ ᠨᠠᠮ ᠪᠠᠶᠢᠭᠤᠯᠤᠭᠳᠠᠭᠰᠠᠨ 75 ᠵᠢᠯ ᠤᠨ ᠤᠢ ᠳᠤ ᠵᠤᠷᠢᠭᠤᠯᠤᠨ ᠰᠤᠯᠤᠩᠭᠤᠰ ᠤᠨ ᠬᠦᠳᠡᠯᠮᠦᠷᠢᠴᠢᠨ ᠤ ᠨᠠᠮ ᠤᠨ ᠬᠤᠷᠢᠶᠠᠨ ᠲᠠᠷᠤᠭ᠎ᠠ ᠶᠢᠨ ᠵᠧᠩ ᠡᠸ᠋ᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃    ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠤᠯᠤᠩᠭᠤᠰ ᠤᠨ ᠬᠦᠳᠡᠯᠮᠦᠷᠢᠴᠢᠨ ᠤ ᠨᠠᠮ ᠪᠠᠶᠢᠭᠤᠯᠤᠭᠳᠠᠭᠰᠠᠨ 75 ᠵᠢᠯ ᠤᠨ ᠤᠢ ᠶᠢᠨ ᠲᠠᠰᠢᠷᠠᠮ ᠳᠤ᠂ ᠪᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ ᠶᠢ ᠲᠦᠯᠦᠭᠡᠯᠡᠨ᠂ ᠲᠡᠷᠡᠴᠢᠯᠡᠨ ᠮᠢᠨᠤ ᠬᠤᠪᠢ ᠶᠢᠨ ᠨᠡᠷ᠎ᠠ ᠪᠠᠷ ᠬᠤᠷᠢᠶᠠᠨ ᠳᠠᠷᠤᠭ᠎ᠠ ᠨᠦᠬᠦᠷ ᠵᠢᠴᠢ ᠲᠠᠨ ᠢᠶᠠᠷ ᠳᠠᠮᠵᠢᠭᠤᠯᠤᠨ ᠰᠤᠯᠤᠩᠭᠤᠰ ᠤᠨ ᠬᠦᠳᠡᠯᠮᠦᠷᠢᠴᠢᠨ ᠤ ᠨᠠᠮ ᠤᠨ ᠲᠦᠪ ᠬᠤᠷᠢᠶ᠎ᠠ᠂ ᠰᠤᠯᠤᠩᠭᠤᠰ ᠤᠨ ᠬᠦᠳᠡᠯᠮᠦᠷᠢᠴᠢᠨ ᠤ ᠨᠠᠮ ᠤᠨ ᠪᠦᠬᠦ ᠭᠡᠰᠢᠬᠦᠳ ᠪᠠ ᠰᠤᠯᠤᠩᠭᠤᠰ ᠤᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠤ᠂ ᠰᠠᠶᠢᠨ ᠰᠠᠶᠢᠬᠠᠨ ᠵᠦᠩᠨᠡᠯ ᠲᠡᠪᠰᠢᠬᠦᠯᠵᠦ ᠪᠠᠶᠢᠨ᠎ᠠ ᠭᠡᠪᠡ᠃    ᠰᠢ ᠶᠢᠨ ᠫᠢᠩ᠂ ᠰᠤᠯᠤᠩᠭᠤᠰ ᠤᠨ ᠬᠦᠳᠡᠯᠮᠦᠷᠢᠴᠢᠨ ᠤ ᠨᠠᠮ ᠦᠩᠭᠡ ᠭᠡᠷᠡᠯᠳᠦ ᠦᠨᠢ ᠤᠳᠠᠭᠠᠨ ᠬᠤᠪᠢᠰᠬᠠᠯ ᠤᠨ ᠤᠯᠠᠮᠵᠢᠯᠠᠯ ᠲᠠᠢ᠂ 75 ᠵᠢᠯ ᠤᠨ ᠭᠡᠷᠡᠯ ᠰᠠᠴᠤᠷᠠᠩᠭᠤᠢ ᠲᠡᠦᠭᠡᠨ ᠶᠠᠪᠤᠴᠠ ᠳᠤᠮᠳᠠ᠂ ᠰᠤᠯᠤᠩᠭᠤᠰ ᠤᠨ ᠠᠷᠠᠳ ᠲᠦᠮᠡᠨ ᠢ ᠳᠠᠭᠠᠭᠤᠯᠤᠨ ᠡᠷᠡᠯᠭᠡᠭᠯᠡᠨ ᠲᠡᠮᠡᠴᠡᠵᠦ᠂ ᠡᠷᠡᠮᠡᠭᠡᠶᠢᠯᠡᠨ ᠤᠷᠤᠬᠰᠢᠯᠠᠵᠦ᠂ ᠤᠯᠤᠰ ᠤᠨ ᠲᠤᠰᠠᠭᠠᠷ ᠲᠤᠬᠳᠠᠨᠢᠯ ᠪᠠ ᠠᠷᠠᠳ ᠲᠦᠮᠡᠨ ᠤ ᠴᠢᠯᠦᠭᠡᠯᠡᠯᠳᠠ ᠶᠢ ᠪᠡᠶᠡᠯᠡᠬᠦᠯᠵᠦ᠂ ᠨᠡᠶᠢᠭᠡᠮ ᠵᠢᠷᠤᠮ ᠤᠨ ᠦᠢᠯᠡᠰ ᠠᠭᠤᠤ ᠶᠡᠭᠡ ᠠᠮᠵᠢᠯᠳᠠ ᠤᠯᠬᠤ ᠶᠢ ᠠᠬᠢᠭᠤᠯᠵᠠᠢ᠃ ᠤᠢᠢᠷ᠎ᠠ ᠶᠢᠨ ᠵᠢᠯ ᠠᠴᠠ᠂ ᠬᠤᠷᠢᠶᠠᠨ ᠲᠠᠷᠤᠭ᠎ᠠ ᠨᠦᠬᠦᠷ ᠢᠶᠠᠷ ᠲᠤᠯᠤᠭᠠᠢᠢᠯᠠᠭᠤᠯᠤᠭᠰᠠᠠ ᠰᠤᠯᠤᠩᠭᠤᠰ ᠤᠨ ᠬᠦᠳᠡᠯᠮᠤᠷᠢᠴᠢᠨ ᠤ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠤᠯᠤᠩᠭᠤᠰ ᠤᠨ ᠬᠦᠳᠡᠯᠮᠤᠷᠢᠴᠢᠨ ᠤ ᠨᠠᠮ ᠪᠤᠯᠤᠨ ᠠᠷᠠᠳ ᠲᠦᠮᠡᠨ ᠡᠷᠡᠰ ᠭᠤᠶᠢᠪᠢᠰᠢ ᠦᠬᠡᠢ ᠪᠠᠷ ᠨᠡᠶᠢᠬᠡᠮ ᠵᠢᠷᠤᠮ ᠤᠨ ᠵᠠᠮ ᠢᠶᠠᠷ ᠵᠠᠮᠨᠠᠵᠤ᠂ ᠨᠠᠮ ᠤᠨ ᠪᠠᠶᠢᠭᠤᠯᠤᠯᠳᠠ ᠪᠤᠯᠤᠨ ᠠᠵᠤ ᠠᠬᠤᠢ ᠶᠢᠨ ᠠᠵᠢᠯ ᠢ ᠬᠦᠴᠤᠯᠠᠨ ᠴᠢᠩᠭᠠᠳᠬᠠᠵᠤ᠂ ᠪᠦᠯᠬᠦᠮᠳᠡᠨ ᠰᠡᠳᠬᠢᠯ ᠨᠢᠬᠡᠳᠴᠤ ᠡᠯ᠎ᠠ ᠵᠦᠢᠯ ᠤᠨ ᠦᠷᠢᠰᠤᠯᠳᠤᠬᠡᠨ ᠢ ᠠᠷᠭᠠᠴᠠᠭᠠᠵᠤ᠂ ᠭᠠᠳᠠᠭᠠᠳᠤ ᠯᠤᠭ᠎ᠠ ᠶᠢᠨ ᠶᠠᠪᠤᠯᠴᠠᠭ᠎ᠠ ᠬᠠᠮᠳᠤᠷᠠᠯᠴᠠᠭ᠎ᠠ ᠶᠢ ᠢᠳᠡᠪᠬᠢᠳᠠᠢ ᠦᠷᠨᠢᠬᠦᠯᠵᠤ᠂ ᠠᠯᠢ ᠤᠯᠠᠨ ᠴᠢᠬᠤᠯᠠ ᠠᠮᠵᠢᠯᠳᠠ ᠪᠦᠳᠤᠮᠵᠢ ᠤᠯᠤᠬᠰᠠᠨ ᠪᠠᠶᠢᠨ᠎ᠠ᠃ ᠨᠦᠬᠦᠷ ᠪᠤᠯᠤᠨ ᠨᠠᠶᠢᠵᠠ ᠪᠤᠯᠤᠬᠰᠠᠨ ᠤ ᠬᠤᠪᠢ ᠳᠤ᠂ ᠪᠢᠳᠠ ᠡᠬᠦᠨ ᠳᠤ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠬᠤᠷᠢᠶᠠᠨ ᠲᠠᠷᠤᠭ᠎ᠠ ᠨᠦᠬᠦᠷ ᠢᠶᠠᠷ ᠲᠤᠯᠤᠭᠠᠢᠢᠯᠠᠭᠤᠯᠤᠭᠰᠠᠠ ᠰᠤᠯᠤᠩᠭᠤᠰ ᠤᠨ ᠬᠦᠳᠡᠯᠮᠤᠷᠢᠴᠢᠨ ᠤ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠤᠯᠤᠩᠭᠤᠰ ᠤᠨ ᠨᠠᠮ ᠪᠤᠯᠤᠨ ᠠᠷᠠᠳ ᠲᠦᠮᠡᠨ ᠯᠠᠪᠳᠠᠢ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠬᠦᠴᠦᠷᠭᠡᠭᠵᠢᠬᠦ ᠪᠠᠷ ᠬᠦᠴᠤᠯᠠᠨ ᠴᠢᠷᠮᠠᠶᠢᠵᠤ᠂ ᠰᠤᠯᠤᠩᠭᠤᠰ ᠤᠨ ᠨᠡᠶᠢᠬᠡᠮ ᠵᠢᠷᠤᠮ ᠤᠨ ᠤᠢᠢᠯᠡᠰ ᠢ ᠲᠠᠰᠤᠷᠠᠯᠳᠠ ᠦᠬᠡᠢ ᠤᠷᠤᠬᠰᠢ ᠠᠬᠢᠭᠤᠯᠵᠤ᠂ ᠰᠢᠯᠢᠳᠡᠭ ᠠᠮᠵᠢᠯᠲᠠ ᠪᠦᠳᠤᠮᠵᠢ ᠪᠠᠷ ᠰᠤᠯᠤᠩᠭᠤᠰ ᠤᠨ ᠬᠦᠳᠡᠯᠮᠤᠷᠢᠴᠢᠨ ᠤ ᠨᠠᠮ ᠤᠨ ᠨᠠᠢᠮᠠᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠬᠳᠤᠬᠤ ᠪᠤᠯᠤᠨ᠎ᠠ ᠭᠡᠳᠡᠭ ᠢ ᠢᠳᠡᠭᠡᠵᠦ ᠪᠠᠶᠢᠨ᠎ᠠ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠲᠤᠮᠳᠠᠳᠤ ᠰᠤᠯᠤᠩᠭᠤᠰ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠬᠰᠡᠨ ᠨᠦᠬᠦᠷᠰᠡᠭ ᠬᠦᠷᠰᠢ ᠪᠦᠭᠡᠳ ᠴᠦᠮ ᠡᠪ ᠬᠠᠮᠳᠤ ᠨᠠᠮ ᠤᠨ ᠤᠳᠤᠷᠢᠳᠤᠬᠰᠡᠨ ᠨᠡᠶᠢᠭᠡᠮ ᠵᠢᠷᠤᠮᠳᠤ ᠤᠯᠤᠰ ᠪᠤᠯᠤᠨ᠎ᠡ᠃ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠦᠮᠦᠰ ᠦᠪᠡᠷ ᠤᠨ ᠪᠡᠶ᠎ᠡ ᠪᠠᠷ ᠢᠶᠠᠨ ᠴᠤᠬᠴᠠᠯᠠᠨ ᠪᠠᠶᠢᠭᠤᠯᠵᠤ ᠨᠠᠷᠢᠨ ᠨᠢᠮᠪᠠᠢ ᠬᠢᠮᠠᠭᠠᠲᠠᠨ ᠨᠠᠨᠳᠢᠩᠨᠠᠭᠰᠠᠠ ᠲᠤᠮᠳᠠᠳᠤ ᠰᠤᠯᠤᠩᠭᠤᠰ ᠤᠨ ᠤᠯᠠᠮᠵᠢᠯᠠᠯᠳᠤ ᠨᠦᠬᠦᠷᠯᠡᠯ ᠪᠠᠳᠤ ᠪᠠᠬᠢ ᠦᠨᠳᠤᠰᠤ ᠰᠠᠭᠤᠷᠢ ᠲᠠᠢ ᠪᠠᠶᠢᠵᠤ᠂ ᠤᠯᠠᠮ ᠢᠶᠠᠷ ᠪᠠᠲᠤᠵᠢᠨ ᠪᠠᠬᠢᠵᠢᠭ᠍ᠰᠡᠡ ᠶᠤᠮ᠂ ᠡᠭᠦᠨ ᠢ ᠬᠤᠪᠢ ᠲᠠᠬᠢᠨ ᠨᠠᠨᠳᠢᠩᠨᠠᠭᠤᠰᠢᠳᠠᠢ ᠶᠤᠮ᠃ ᠤᠢᠢᠷ᠎ᠡ ᠶᠢᠨ ᠵᠢᠯ ᠠᠴᠠ᠂ ᠪᠢ ᠬᠤᠷᠢᠶᠠᠨ ᠲᠠᠷᠤᠭ᠎ᠠ ᠨᠦᠬᠦᠷ ᠯᠦᠭᠡ ᠤᠯᠠᠨ ᠤᠳᠠᠭ᠎ᠠ ᠠᠭᠤᠯᠵᠠᠯᠳᠠ ᠬᠢᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠪᠠᠬᠢᠵᠢᠬᠦᠯᠤᠨ ᠬᠦᠭᠵᠢᠬᠦᠯᠬᠦ ᠲᠤᠬᠠᠢ ᠤᠯᠠᠨ ᠵᠦᠢᠯ ᠤᠨ ᠴᠢᠬᠤᠯᠠ ᠬᠠᠮᠳᠤ ᠶᠢᠨ ᠲᠠᠨᠢᠯᠳᠠ ᠲᠠᠢ ᠪᠤᠯᠵᠤ᠂ ᠲᠤᠮᠳᠠᠳᠤ ᠰᠤᠯᠤᠩᠭᠤᠰ ᠤᠨ ᠬᠠᠷᠢᠯᠴᠠᠭ᠎ᠠ ᠶᠢᠨ ᠰᠢᠨ᠎ᠡ ᠲᠡᠤᠭᠡᠨ ᠬᠠᠭᠤᠳᠠᠰᠤ ᠶᠢ ᠪᠢᠴᠢᠭᠯᠡᠬᠦ ᠶᠢ ᠬᠦᠳᠤᠯᠤᠨ ᠲᠠᠭᠠᠭᠤᠯᠪᠠ᠃ ᠤᠳᠤᠬᠠᠨ ᠳᠤ᠂ ᠲᠡᠯᠡᠭᠡᠢ ᠶᠢᠷᠳᠢᠨᠴᠤ ᠳᠤ ᠶᠠᠭ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠪᠠ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠰᠤᠯᠪᠢᠴᠠᠨ ᠲᠠᠪᠬᠤᠴᠠᠵᠤ᠂ ᠲᠡᠯᠡᠭᠡᠢ ᠶᠢᠨ ᠪᠠ ᠭᠠᠵᠠᠷ ᠤᠷᠤᠨ ᠤ ᠪᠠᠶᠢᠳᠠᠯ ᠪᠤᠳᠤᠯᠢᠶᠠᠨᠳᠠᠢ ᠬᠦᠨᠵᠡᠭᠡᠢ ᠬᠤᠪᠢᠷᠠᠵᠤ ᠪᠠᠶᠢᠨ᠎ᠡ᠃ ᠪᠢᠳᠡ ᠲᠤᠷᠠᠳᠠᠶ᠎ᠡ ᠰᠤᠯᠤᠩᠭᠤᠰ ᠤᠨ ᠨᠡᠶᠢᠵᠠ ᠨᠠᠷ ᠲᠠᠢ ᠬᠠᠮᠳᠤ ᠪᠠᠷ᠂ ᠲᠤᠮᠳᠠᠳᠤ ᠰᠤᠯᠤᠩᠭᠤᠰ ᠤᠨ ᠬᠠᠷᠢᠯᠴᠠᠭ᠎ᠠ ᠶᠢ ᠰᠠᠶᠢᠳᠤᠷ ᠬᠠᠮᠠᠭᠠᠯᠠᠨ᠂ ᠰᠠᠶᠢᠳᠤᠷ ᠪᠠᠬᠢᠵᠢᠬᠦᠯᠵᠤ᠂ ᠰᠠᠶᠢᠳᠤᠷ ᠬᠦᠭᠵᠢᠬᠦᠯᠤᠨ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠤ᠂ ᠭᠠᠵᠠᠷ ᠤᠷᠤᠨ ᠤ ᠡᠩᠭᠡ ᠲᠠᠶᠢᠪᠤᠩ ᠲᠤᠬᠳᠠᠭᠤᠨ ᠪᠠ ᠴᠡᠴᠡᠭᠯᠡᠯ ᠬᠦᠭᠵᠢᠯᠳᠠ ᠶᠢ ᠪᠠᠶᠠᠯᠡᠬᠦᠯᠬᠦ ᠳᠤ ᠢᠳᠡᠪᠬᠢᠳᠠᠢ ᠰᠢᠨ᠎ᠡ ᠬᠤᠪᠢ ᠨᠠᠮᠠᠷᠢ ᠦᠵᠡᠬᠦᠯᠤᠨ᠎ᠡ᠃ ᠰᠤᠯᠤᠩᠭᠤᠰ ᠤᠨ ᠬᠦᠳᠡᠯᠮᠤᠷᠢᠴᠢᠨ ᠤ ᠨᠠᠮ ᠲᠠᠰᠤᠷᠠᠯᠳᠠ ᠦᠭᠡᠢ ᠬᠦᠭᠵᠢᠵᠤ᠂ ᠰᠤᠯᠤᠩᠭᠤᠰ ᠤᠨ ᠨᠡᠶᠢᠭᠡᠮ ᠵᠢᠷᠤᠮ ᠤᠨ ᠦᠢᠯᠡᠰ ᠴᠡᠴᠡᠭᠯᠡᠨ ᠬᠦᠭᠵᠢᠬᠦ ᠶᠢ ᠬᠦᠰᠡᠨ ᠵᠦᠡᠭᠨᠡᠵᠤ ᠪᠠᠶᠢᠨ᠎ᠡ ᠭᠡᠵᠤ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号