ᠰᠢ ᠶᠢᠨ ᠫᠢᠩ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠤᠰᠤᠯᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠦ ᠵᠠᠯᠠᠭᠤ ᠺᠠᠳ᠋ᠷᠴᠤᠳ ᠪᠤᠲᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠦᠷᠢ ᠪᠠᠨ ᠳᠡᠭᠡᠭᠰᠢᠯᠡᠭᠦᠯᠵᠦ ᠠᠵᠢᠯ ᠶᠠᠪᠤᠳᠠᠯ ᠬᠢᠬᠦ ᠶᠢ ᠪᠤᠳᠣᠵᠦ ᠠᠵᠢᠯ ᠶᠠᠪᠤᠳᠠᠯ ᠬᠢᠵᠦ ᠴᠢᠳᠠᠵᠦ ᠠᠵᠢᠯ ᠶᠠᠪᠤᠳᠠᠯ ᠪᠦᠳᠦᠭᠡᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/10/12
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 10 ᠤ ᠴᠠᠬᠢᠯᠭᠠᠨ ᠮᠡᠳᠡᠭᠡ 2020 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ 10 ᠰᠠᠷ᠎ᠠ ᠶᠢᠨ 10 ᠤ ᠦᠳᠡ ᠶᠢᠨ ᠡᠮᠦᠨ᠎ᠠ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠳᠡᠭᠡᠷ᠎ᠠ ᠴᠢᠬᠤᠯᠠ ᠶᠠᠷᠢᠶ᠎ᠠ ᠲᠠᠯᠪᠢᠬᠤ ᠳᠠᠭᠠᠨ᠂ ᠲᠡᠦᠭᠡ ᠶᠡᠷᠦ ᠨᠢ ᠠᠰᠠᠭᠤᠳᠠᠯ ᠢ ᠳᠠᠰᠤᠷᠠᠯᠳᠠ ᠦᠭᠡᠢ ᠰᠢᠢᠳᠪᠤᠷᠢᠯᠡᠬᠦ ᠳᠤᠮᠳᠠ ᠤᠷᠤᠬᠰᠢᠯᠠᠵᠦ ᠪᠠᠶᠢᠳᠠᠭ᠃ ᠮᠠᠨ ᠤ ᠨᠠᠮ ᠠᠷᠠᠳ ᠲᠦᠮᠡᠨ ᠢ ᠤᠳᠤᠷᠢᠳᠤᠨ ᠬᠤᠪᠢᠰᠬᠠᠯ ᠬᠢᠵᠦ᠂ ᠪᠦᠳᠦᠭᠡᠨ ᠪᠠᠶᠢᠭᠤᠯᠤᠯᠳᠠ ᠬᠢᠵᠦ᠂ ᠦᠭᠡᠷᠡᠴᠢᠯᠡᠯᠳᠠ ᠶᠢ ᠠᠳᠬᠤᠭᠰᠠᠠ ᠨᠢ ᠴᠦᠮ ᠮᠠᠨ ᠤ ᠤᠯᠤᠰ ᠤᠨ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠶᠢᠨ ᠲᠦᠯᠦᠭᠡ ᠶᠤᠮ᠃ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠬᠦᠯᠬᠦ ᠪᠤᠯ ᠤᠳᠤᠬᠠᠨ ᠤ ᠨᠠᠷᠢᠨ ᠪᠤᠳᠤᠯᠢᠶᠠᠨᠳᠠᠢ ᠪᠠᠶᠢᠳᠠᠯ ᠢ ᠠᠷᠭᠠᠴᠠᠭᠠᠬᠤ᠂ ᠪᠡᠷᠭᠡ ᠬᠠᠳᠠᠭᠤᠵᠢᠯᠳᠠᠢ ᠡᠬᠦᠷᠭᠡ ᠶᠢ ᠪᠡᠶᠡᠯᠡᠬᠦᠯᠬᠦ ᠶᠢᠨ ᠲᠤᠯᠭᠠᠮ ᠭᠡᠷᠡᠭᠴᠡᠭᠡ ᠪᠤᠯᠬᠤ ᠪᠦᠭᠡᠳ ᠪᠠᠰᠠ ᠵᠠᠯᠠᠭᠤ ᠺᠠᠳ᠋ᠷᠴᠤᠳ ᠤᠨ ᠦᠰᠦᠨ ᠪᠤᠶᠢᠵᠢᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠃ ᠨᠠᠷᠢᠨ ᠪᠤᠳᠤᠯᠢᠶᠠᠨᠳᠠᠢ ᠪᠠᠶᠢᠳᠠᠯ ᠪᠠ ᠪᠡᠷᠭᠡ ᠬᠠᠳᠠᠭᠤᠵᠢᠯᠳᠠᠢ ᠡᠬᠦᠷᠭᠡ ᠶᠢᠨ ᠡᠮᠦᠨ᠎ᠠ᠂ ᠪᠢᠳᠠ ᠠᠶᠦᠯ ᠲᠦᠭᠰᠢᠬᠦᠷᠢ ᠳᠤᠮᠳᠠ ᠠᠵᠠ ᠲᠤᠬᠢᠶᠠᠯ ᠢ ᠪᠤᠢ ᠪᠤᠯᠭᠠᠵᠤ᠂ ᠬᠤᠪᠢᠷᠠᠯᠳᠠ ᠶᠢᠨ ᠳᠤᠮᠳᠠ ᠰᠢᠨ᠎ᠠ ᠪᠠᠶᠢᠳᠠᠯ ᠢ ᠨᠡᠭᠡᠭᠡᠨ ᠡᠬᠦᠳᠬᠦ ᠬᠡᠷᠡᠭᠲᠡᠢ᠂ ᠺᠠᠳ᠋ᠷ ᠢᠯᠠᠩᠭᠤᠶ᠎ᠠ ᠵᠠᠯᠠᠭᠤ ᠺᠠᠳ᠋ᠷᠴᠤᠳ ᠤᠯᠤᠰ ᠲᠦᠷᠦ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠦ ᠪᠤᠳᠤᠯᠭ᠎ᠠ ᠲᠤᠭᠳᠠᠭᠠᠬᠤ ᠴᠢᠳᠠᠪᠤᠷᠢ᠂ ᠦᠭᠡᠷᠡᠴᠢᠯᠡᠯᠳᠠ ᠶᠢᠨ ᠪᠤᠭᠤᠮᠳᠠ ᠰᠢᠪᠳᠤᠯᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠳᠡ ᠡᠬᠦᠰᠦᠭᠰᠡᠨ ᠭᠡᠷᠡᠭ ᠢ ᠰᠢᠢᠳᠪᠤᠷᠢᠯᠡᠬᠦ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠳᠠ ᠶᠢ ᠠᠳᠬᠤᠬᠤ ᠴᠢᠳᠠᠪᠤᠷᠢ ᠪᠠᠨ ᠲᠡᠭᠡᠭᠰᠢᠯᠡᠬᠦᠯᠵᠤ᠂ ᠵᠤᠷᠢᠬᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠠᠵᠢᠯ ᠶᠠᠪᠤᠳᠠᠯ ᠬᠢᠬᠦ ᠶᠢ ᠪᠤᠳᠤᠵᠦ᠂ ᠠᠵᠢᠯ ᠶᠠᠪᠤᠳᠠᠯ ᠬᠢᠵᠦ ᠴᠢᠲᠠᠵᠤ᠂ ᠠᠵᠢᠯ ᠶᠠᠪᠤᠳᠠᠯ ᠪᠦᠳᠦᠭᠡᠵᠦ᠂ ᠳᠠᠰᠤᠷᠠᠯᠳᠠ ᠦᠭᠡᠢ ᠪᠠᠷ ᠠᠰᠠᠭᠤᠳᠠᠯ ᠢ ᠰᠢᠢᠳᠪᠤᠷᠢᠯᠡᠨ᠂ ᠬᠦᠴᠢᠷ ᠠᠰᠠᠭᠤᠳᠠᠯ ᠢ ᠰᠢᠢᠳᠪᠤᠷᠢᠯᠡᠬᠦ ᠭᠡᠷᠡᠭᠲᠡᠢ ᠭᠡᠵᠦ ᠴᠢᠬᠤᠯᠠᠴᠢᠯᠠᠪᠠ    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠵᠠᠢ᠃    ᠰᠢ ᠶᠢᠨ ᠫᠢᠩ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠤᠯᠤᠨ ᠤᠯᠤᠰ ᠤᠨ ᠠᠵᠢᠯ ᠦᠢᠯᠡᠰ ᠲᠡᠦᠭᠡᠲᠦ ᠴᠢᠨᠠᠷᠳᠠᠢ ᠠᠮᠵᠢᠯᠳᠠ ᠤᠯᠵᠦ᠂ ᠲᠡᠦᠭᠡᠲᠦ ᠴᠢᠨᠠᠷᠳᠠᠢ ᠬᠤᠪᠢᠷᠠᠯᠳᠠ ᠭᠠᠷᠪᠠ᠂ ᠡᠬᠦᠨ ᠤ ᠳᠤᠮᠳᠠᠬᠢ ᠴᠢᠬᠤᠯᠠ ᠲᠤᠷᠰᠢᠯᠭ᠎ᠠ ᠭᠡᠪᠡᠯ᠂ ᠳᠠᠷᠤᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠪᠠᠷ ᠠᠵᠢᠯ ᠤᠨ ᠰᠢᠨ᠎ᠡ ᠪᠠᠶᠢᠲᠠᠯ ᠢ ᠨᠡᠭᠡᠭᠡᠬᠦ ᠰᠢᠪᠳᠤᠯᠤᠯᠳᠠ ᠶᠢᠨ ᠴᠡᠭ ᠪᠤᠯᠭᠠᠬᠰᠠᠨ ᠶᠠᠪᠤᠳᠠᠯ ᠪᠤᠯᠤᠨ᠎ᠠ᠃ ᠤᠳᠤᠬᠠᠨ ᠤ ᠳᠡᠯᠡᠭᠡᠢ ᠶᠢᠷᠳᠢᠨᠴᠦ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠢ ᠦᠩᠭᠡᠷᠡᠭᠡᠵᠦ᠂ ᠭᠠᠳᠠᠭᠠᠳᠦ ᠤᠷᠴᠢᠨ ᠳᠤ ᠨᠡᠩ ᠤᠯᠠᠨ ᠲᠤᠭᠳᠠᠪᠤᠷᠢᠳᠦ ᠪᠤᠰᠤ ᠲᠤᠭᠳᠠᠭᠠᠯᠳᠦ ᠪᠤᠰᠤ ᠴᠢᠨᠠᠷ ᠢᠯᠡᠷᠡᠵᠡᠢ᠃ ᠳᠠᠷᠠᠭ᠎ᠠ ᠵᠢᠯ ᠪᠢᠳᠠ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠤᠷᠤᠵᠦ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠢᠶᠠᠨ ᠡᠬᠢᠯᠡᠬᠦᠯᠬᠦ ᠪᠤᠯᠤᠨ᠎ᠠ᠃ ᠰᠢᠨ᠎ᠠ ᠬᠦᠭᠵᠢᠯᠳᠠ ᠶᠢᠨ ᠱᠠᠳᠤᠨ ᠳᠤ ᠤᠷᠤᠵᠦ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠦᠷᠢᠯᠳᠦᠬᠦᠯᠬᠦ ᠳᠤ ᠰᠢᠢᠳᠪᠤᠷᠢᠯᠡᠬᠦ ᠴᠢᠬᠤᠯᠠᠳᠠᠢ ᠠᠰᠠᠭᠤᠳᠠᠯ ᠶᠠᠪᠤᠬᠤ ᠳᠤᠳᠤᠮ ᠤᠯᠠᠨ ᠶᠠᠩᠵᠤ ᠶᠢᠨ᠂ ᠶᠠᠪᠤᠬᠤ ᠳᠤᠳᠤᠮ ᠨᠠᠷᠢᠨ ᠪᠤᠳᠤᠯᠢᠶᠠᠨᠳᠠᠢ ᠪᠤᠯᠤᠨ᠎ᠠ᠃ ᠮᠠᠨ ᠤ ᠤᠯᠤᠰ ᠦᠷᠬᠦᠯᠵᠢᠯᠡᠨ ᠬᠦᠭᠵᠢᠬᠦ ᠳᠤ ᠤᠯᠠᠨ ᠲᠠᠯ᠎ᠠ ᠶᠢᠨ ᠲᠠᠪᠠᠭᠤᠯᠢᠭ ᠪᠠ ᠨᠦᠬᠦᠴᠡᠯ ᠲᠠᠢ ᠪᠠᠶᠢᠨ᠎ᠠ᠂ ᠭᠡᠪᠡᠴᠦ ᠬᠦᠭᠵᠢᠯᠳᠠ ᠲᠡᠩᠴᠡᠬᠦᠷᠢ ᠦᠭᠡᠢ ᠬᠦᠢᠴᠡᠳ ᠦᠭᠡᠢ ᠠᠰᠠᠭᠤᠳᠠᠯ ᠮᠦᠨ ᠬᠦ ᠲᠤᠪᠤᠶᠢᠮ᠎ᠠ ᠤᠷᠤᠰᠢᠬᠤ ᠪᠤᠯᠤᠨ᠎ᠠ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠯᠤᠭ᠎ᠠ ᠶᠢᠨ ᠲᠡᠮᠡᠴᠡᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ ᠪᠦᠳᠦᠭᠡᠯ ᠤᠯᠤᠬᠰᠠᠨ ᠪᠤᠯᠪᠠᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠬᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠲᠠᠯ᠎ᠠ ᠶᠢᠨ ᠢᠯᠠᠯᠳᠠ ᠶᠢ ᠤᠯᠬᠤ ᠳᠤ ᠪᠠᠰᠠ ᠦᠷᠬᠦᠯᠵᠢᠯᠡᠨ ᠴᠢᠷᠮᠠᠶᠢᠬᠤ ᠴᠢᠬᠤᠯᠠᠳᠠᠢ ᠪᠠᠶᠢᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠬᠦᠯᠬᠦ ᠭᠡᠷᠡᠭᠲᠡᠢ᠃ ᠺᠠᠳ᠋ᠷᠴᠤᠳ ᠤᠨ ᠠᠵᠢᠯ ᠢᠶᠠᠨ ᠰᠠᠶᠢᠳᠤᠷ ᠬᠢᠬᠦ ᠳᠤ ᠭᠡᠷᠡᠭᠰᠡᠬᠦ ᠡᠯ᠎ᠠ ᠵᠦᠢᠯ ᠤᠨ ᠴᠢᠳᠠᠪᠤᠷᠢ ᠳᠤᠮᠳᠠ᠂ ᠤᠯᠤᠰ ᠲᠦᠷᠦ ᠶᠢᠨ ᠴᠢᠳᠠᠪᠤᠷᠢ ᠲᠡᠷᠢᠬᠦᠨ ᠳᠤ ᠤᠷᠤᠨ᠎ᠠ᠃ ᠤᠷᠦ᠋ᠢᠯᠠᠬᠰᠠᠨ ᠤᠯᠤᠰ ᠲᠦᠷᠦ ᠶᠢᠨ ᠴᠢᠳᠠᠪᠤᠷᠢ ᠲᠠᠢ ᠪᠤᠯᠪᠠᠯ ᠰᠠᠶᠢ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶᠠᠨ ᠤ ᠨᠢᠭᠡᠳᠦᠯᠳᠠᠢ ᠪᠠᠶᠢᠵᠦ᠂ ᠶᠠᠮᠠᠷᠪᠠ ᠦᠶ᠎ᠠ ᠶᠠᠮᠠᠷᠪᠠ ᠪᠠᠶᠢᠳᠠᠯ ᠳᠤᠤᠷ᠎ᠠ ᠴᠦ ᠬᠡᠰᠡᠨ ᠴᠦᠮ ︽ᠪᠠᠷᠠᠭᠠᠨ ᠡᠬᠦᠯᠡ ᠬᠠᠷᠠᠭ᠎ᠠ ᠶᠢ ᠬᠠᠯᠬᠠᠯᠠᠬᠤ ᠠᠴᠠ ᠦᠯᠦ ᠡᠮᠢᠶᠡᠵᠤ︾᠂ ︽ᠡᠪᠭᠡᠷᠤᠨ ᠤᠷᠪᠠᠯᠳᠤᠭᠰᠠᠨ ᠡᠬᠦᠯᠡᠨ ᠳᠤᠮᠳᠠ ᠠᠵᠢᠬ ᠦᠭᠡᠢ ᠰᠦᠨᠳᠡᠷᠯᠡᠵᠦ︾ ᠴᠢᠳᠠᠨ᠎ᠠ᠃ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠬᠦᠯᠬᠦ ᠳᠤ᠂ ᠡᠩ ᠲᠡᠷᠢᠬᠦᠨ ᠳᠤ ᠵᠦᠪ ᠤᠯᠤᠰ ᠲᠦᠷᠦ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠬᠤ ᠭᠡᠷᠡᠭᠲᠡᠢ᠃ ᠡᠨᠡ ᠠᠰᠠᠭᠤᠳᠠᠯ ᠳᠡᠭᠡᠷ᠎ᠠ᠂ ᠶᠠᠮᠠᠷᠴᠦ ᠪᠠᠯᠠᠷᠬᠠᠢᠢᠳᠠᠯ ᠪᠠ ᠭᠤᠶᠢᠪᠢᠯᠵᠠᠯ ᠪᠠᠶᠢᠵᠦ ᠤᠬᠳᠤ ᠪᠤᠯᠬᠤ ᠦᠭᠡᠢ︕ ᠳᠤᠮᠳᠠᠳᠤ ᠤᠯᠤᠰ ᠤᠨ ᠡᠪ ᠬᠠᠮᠳᠦ ᠨᠠᠮ ᠪᠤᠯ ᠰᠠᠯᠬᠢ ᠪᠤᠷᠤᠭᠠᠨ ᠲᠠᠭᠠᠷᠢᠨ ᠢᠷᠡᠬᠦ ᠦᠶ᠎ᠠ ᠳᠠᠬᠢ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠳᠠᠢ ᠲᠦᠰᠢᠭ ᠲᠤᠯᠭᠠᠭᠤᠷᠢ ᠮᠦᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠪᠤᠯ ᠠᠶᠦᠯ ᠲᠦᠭᠰᠢᠬᠦᠷᠢ ᠦᠷᠢᠰᠦᠯᠳᠦᠭᠡᠨ ᠢ ᠡᠰᠡᠷᠬᠦᠴᠡᠨ ᠲᠤᠯᠬᠤ ᠬᠠᠮᠤᠭ ᠤᠨ ᠬᠦᠴᠦᠳᠠᠢ ᠪᠠᠶᠢᠭᠤᠯᠤᠯ ᠤᠨ ᠪᠠᠳᠤᠯᠠᠭ᠎ᠠ ᠮᠦᠨ ᠭᠡᠳᠡᠭ ᠢ ᠡᠨᠡ ᠤᠳᠠᠭ᠎ᠠ ᠶᠢᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠦᠢᠯᠡᠳᠦᠯᠭᠡ ᠲᠠᠬᠢᠨ ᠭᠡᠷᠡᠴᠢᠯᠡᠭᠰᠡᠨ ᠪᠠᠶᠢᠨ᠎ᠠ᠃ ᠵᠠᠯᠠᠭᠤ ᠺᠠᠳ᠋ᠷᠴᠤᠳ ᠡᠷᠭᠡᠪᠰᠢ ᠨᠢᠭᠡ ᠵᠦᠢᠯ ᠢ ᠪᠠᠳᠤ ᠰᠠᠬᠢᠬᠤ ᠭᠡᠷᠡᠭᠲᠡᠢ᠂ ᠲᠤᠬᠠᠢᠢᠯᠠᠪᠠᠯ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠬᠤ ᠳᠤ ᠠᠰᠢᠬᠳᠠᠢ ᠶᠠᠪᠤᠳᠠᠯ ᠢ ᠡᠷᠡᠰ ᠭᠤᠶᠢᠪᠢᠰᠢ ᠦᠭᠡᠢ ᠬᠢᠵᠦ᠂ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠬᠤ ᠳᠤ ᠠᠰᠢᠬ ᠦᠭᠡᠢ ᠶᠠᠪᠤᠳᠠᠯ ᠢ ᠡᠷᠡᠰ ᠬᠢᠬᠦ ᠦᠭᠡᠢ︕ ᠤᠯᠤᠰ ᠲᠦᠷᠦ ᠶᠢᠨ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠬᠦᠯᠵᠦ᠂ ᠪᠠᠶᠢᠳᠠᠯ ᠢ ᠠᠵᠢᠵᠦ ᠵᠠᠳᠠᠯᠬᠤ ᠳᠠᠭᠠᠨ ᠤᠷᠢᠳ ᠢᠶᠠᠷ ᠤᠯᠤᠰ ᠲᠦᠷᠦ ᠶᠢᠨ ᠡᠯᠧᠮᠧᠨ᠋ᠲ ᠢ ᠡᠵᠡᠮᠳᠡᠵᠦ᠂ ᠢᠯᠠᠩᠭᠤᠶ᠎ᠠ ᠦᠵᠡᠭᠳᠡᠯ ᠢᠶᠠᠷ ᠳᠠᠮᠵᠢᠭᠤᠯᠤᠨ ᠮᠦᠨ ᠴᠢᠨᠠᠷ ᠢ ᠨᠡᠪᠲᠡ ᠥᠵᠡᠨ ᠭᠠᠷᠴᠤ᠂ ᠨᠢᠳᠤ ᠬᠢᠷᠠᠬᠠᠢ ᠪᠠᠶᠢᠵᠦ᠂ ᠡᠷᠳᠡ ᠠᠴᠠ ᠠᠵᠢᠵᠤ ᠮᠡᠳᠡᠵᠤ ᠂ ᠲᠦᠷᠭᠡᠨ ᠬᠦᠳᠡᠯᠦᠯᠴᠡᠬᠦ ᠭᠡᠷᠡᠭᠲᠡᠢ᠃ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠬᠦᠯᠬᠦ ᠳᠤ ᠡᠷᠭᠡᠪᠰᠢ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠳᠤ ᠬᠦᠨᠳᠦᠳᠭᠡᠨ ᠵᠢᠷᠦᠭᠡᠰᠢᠶᠡᠬᠦ ᠰᠡᠳᠬᠢᠯ ᠲᠠᠢ ᠪᠠᠶᠢᠬᠤ ᠭᠡᠷᠡᠭᠲᠡᠢ᠃ ᠤᠯᠤᠰ ᠲᠦᠷᠦ ᠶᠢᠨ ᠲᠠᠪᠳᠠᠨ ᠪᠤᠯᠪᠠᠰᠤᠷᠠᠭᠤᠯᠤᠯᠳᠠ ᠪᠠᠨ ᠤᠬᠠᠮᠰᠠᠷ ᠠᠴᠠ ᠪᠠᠨ ᠴᠢᠩᠭᠠᠳᠬᠠᠵᠦ᠂ ᠤᠯᠤᠰ ᠲᠦᠷᠦ ᠶᠢᠨ ᠲᠠᠯ᠎ᠠ ᠪᠠᠷ ᠦᠪᠡᠷ ᠢ ᠪᠠᠨ ᠱᠠᠭᠠᠷᠳᠠᠬᠤ ᠴᠢᠳᠠᠪᠤᠷᠢ ᠶᠢ ᠴᠢᠩᠭᠠᠳᠬᠠᠵᠦ᠂ ᠢᠮᠠᠬᠳᠠ ᠤᠯᠤᠰ ᠲᠦᠷᠦ ᠶᠢᠨ ᠲᠠᠯ᠎ᠠ ᠪᠠᠷ ︽ᠮᠡᠷᠭᠡᠨ ᠬᠦᠮᠦᠨ︾᠂ ︽ᠰᠢᠳᠤᠷᠭᠤ ᠬᠦᠮᠦᠨ︾ ᠪᠤᠯᠬᠤ ᠭᠡᠷᠡᠭᠲᠡᠢ᠃ ᠮᠠᠷᠺᠰ ᠤᠨ ᠦᠵᠡᠯ ᠤᠨ ᠤᠨᠤᠯ ᠤᠨ ᠲᠦᠪᠰᠢᠨ ᠢᠶᠠᠨ ᠳᠡᠭᠡᠭᠰᠢᠯᠡᠬᠦᠯᠬᠦ ᠶᠢ ᠴᠢᠬᠤᠯᠠᠴᠢᠯᠠᠵᠦ᠂ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠮᠡᠳᠡᠵᠦ᠂ ᠨᠡᠶᠢᠯᠡᠬᠦᠯᠦᠨ ᠰᠢᠩᠭᠡᠭᠡᠵᠤ ᠨᠡᠪᠲᠡ ᠤᠢᠢᠯᠠᠭᠠᠵᠤ᠂ ᠬᠤᠪᠢᠰᠤᠩᠭᠤᠢ ᠪᠤᠳᠠᠰᠴᠢ ᠦᠵᠡᠯ ᠪᠠ ᠲᠡᠦᠭᠡ ᠶᠢᠨ ᠪᠤᠳᠠᠰᠴᠢ ᠦᠵᠡᠯ ᠢ ᠡᠵᠡᠮᠰᠢᠨ᠂ ᠡᠬᠦᠨ ᠤ ᠳᠤᠮᠳᠠ ᠠᠭᠤᠯᠤᠭᠳᠠᠵᠦ ᠪᠠᠶᠢᠭ᠎ᠠ ᠮᠠᠷᠺᠰ ᠤᠨ ᠦᠵᠡᠯ ᠤᠨ ᠵᠤᠬᠰᠤᠯᠳᠠ ᠦᠵᠡᠯᠳᠠ ᠠᠷᠭ᠎ᠠ ᠶᠢ ᠡᠵᠡᠮᠰᠢᠵᠦ᠂ ᠳᠤᠮᠳᠠᠳᠤ ᠤᠯᠤᠰᠴᠢᠯᠠᠬᠰᠠᠨ ᠮᠠᠷᠺᠰ ᠤᠨ ᠦᠵᠡᠯ ᠢ ᠡᠵᠡᠮᠰᠢᠨ᠂ ᠮᠠᠷᠺᠰ ᠤᠨ ᠦᠵᠡᠯ ᠤᠨ ᠡᠷᠡᠰ ᠪᠠᠳᠤ ᠰᠢᠳᠦᠭᠴᠢ᠂ ᠰᠢᠳᠤᠷᠭᠤ ᠦᠢᠯᠡᠳᠦᠯᠭᠡᠵᠢᠬᠦᠯᠦᠭᠴᠢ ᠪᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠪᠠᠶᠢᠴᠠᠭᠠᠨ ᠰᠤᠳᠤᠯᠬᠤ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠪᠠᠶᠢᠴᠠᠭᠠᠨ ᠰᠤᠳᠤᠯᠤᠯᠳᠠ ᠬᠢᠬᠦ ᠪᠤᠯ ᠠᠵᠢᠯ ᠢᠶᠠᠨ ᠰᠠᠶᠢᠳᠤᠷ ᠬᠢᠬᠦ ᠶᠢᠨ ᠦᠨᠳᠤᠰᠤᠨ ᠴᠢᠳᠠᠪᠤᠷᠢ ᠪᠤᠯᠤᠨ᠎ᠡ᠃ ᠡᠷᠬᠡᠪᠰᠢ ᠪᠠᠶᠢᠴᠠᠭᠠᠨ ᠰᠤᠳᠤᠯᠤᠯᠳᠠ ᠬᠢᠬᠦ ᠶᠢ ᠰᠤᠷᠴᠤ᠂ ᠪᠠᠶᠢᠴᠠᠭᠠᠨ ᠰᠤᠳᠤᠯᠤᠯᠳᠠ ᠬᠢᠬᠦ ᠲᠤᠮᠳᠠ ᠪᠠᠨ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠪᠠᠶᠢᠴᠠᠭᠠᠨ ᠰᠤᠳᠤᠯᠤᠯᠳᠠ ᠬᠢᠬᠦ ᠶᠢ ᠪᠠᠶᠢᠡᠭᠭᠤᠵᠢᠭᠤᠯᠬᠤ ᠭᠡᠷᠡᠭᠳᠠᠢ᠃    ᠤᠯᠠᠨ ᠲᠦᠮᠡᠨ ᠤ ᠲᠤᠮᠳᠠ ᠬᠦᠨᠵᠡᠭᠡᠶᠢᠷᠠᠬᠦ᠂ ᠦᠢᠯᠡᠳᠦᠯᠭᠡ ᠳᠤ ᠤᠷᠤᠯᠴᠠᠬᠤ ᠶᠢ ᠪᠠᠷᠢᠮᠳᠠᠯᠠᠵᠤ᠂ ᠦᠨᠳᠤᠰᠤᠨ ᠱᠠᠳᠤᠨ ᠤ ᠺᠠᠳ᠋ᠷ ᠤᠯᠠᠨ ᠲᠦᠮᠡᠨ ᠤ ᠪᠤᠳᠤᠵᠤ ᠪᠠᠶᠢᠭ᠎ᠠ ᠰᠠᠨᠠᠭᠠᠰᠢᠷᠠᠵᠤ ᠪᠠᠶᠢᠭ᠎ᠠ ᠬᠦᠰᠡᠵᠤ ᠪᠠᠶᠢᠭ᠎ᠠ ᠵᠦᠢᠯ ᠢ ᠰᠤᠨᠤᠰᠴᠤ᠂ ᠦᠨᠡᠨ ᠪᠤᠳᠠᠳᠠᠢ ᠪᠠᠶᠢᠳᠠᠯ ᠢ ᠤᠢᠢᠯᠠᠭᠠᠨ ᠡᠵᠡᠮᠰᠢᠬᠦ ᠬᠡᠷᠡᠭᠲᠡᠢ᠂ ᠮᠤᠷᠢᠨ ᠲᠤᠪᠲᠤᠯᠤᠭ᠎ᠠ ᠪᠠᠷ ᠴᠡᠴᠡᠭ ᠰᠤᠨᠢᠷᠬᠠᠨ ᠬᠠᠯᠳᠤ ᠮᠦᠯᠳᠤ ᠦᠵᠡᠵᠤ ᠰᠤᠨᠤᠰᠤᠭᠰᠠᠠ ᠲᠡᠳᠦᠢ ᠪᠤᠯᠵᠤ᠂ ᠬᠡᠰᠡᠭ ᠲᠠᠯ᠎ᠠ ᠪᠠᠷ ᠪᠦᠬᠦ ᠲᠠᠯ᠎ᠠ ᠶᠢ ᠤᠷᠤᠯᠠᠭᠤᠯᠵᠤ ᠪᠤᠯᠬᠤ ᠦᠭᠡᠢ᠃ ᠪᠠᠶᠢᠴᠠᠭᠠᠨ ᠰᠤᠳᠤᠯᠵᠤ ᠤᠯᠤᠬᠰᠡᠨ ᠶᠡᠭᠡ ᠬᠡᠮᠵᠢᠶᠠᠨ ᠤ ᠮᠠᠲ᠋ᠧᠷᠢᠶᠠᠯ ᠪᠠ ᠪᠠᠶᠢᠳᠠᠯ ᠢ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠨᠢᠭᠡ ᠠᠴᠠ ᠨᠦᠬᠦᠭᠡ ᠳᠤ ᠬᠦᠷᠦᠨ᠂ ᠦᠡᠭᠭᠡᠨ ᠲᠠᠯ᠎ᠡ ᠶᠢ ᠨᠡᠪᠲᠡᠯᠦᠨ ᠮᠦᠨ ᠴᠢᠨᠠᠷ ᠢ ᠲᠠᠨᠢᠬᠤ ᠭᠡᠷᠡᠭᠳᠠᠢ᠃ ᠬᠦᠢᠴᠡᠳ ᠰᠤᠳᠤᠯᠵᠤ᠂ ᠨᠡᠯᠢᠶᠡᠳ ᠪᠤᠯᠪᠠᠰᠤᠷᠠᠩᠭᠤᠢ ᠪᠤᠯᠭᠠᠭᠰᠠᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠳᠦᠭᠡᠯ ᠢᠶᠠᠨ ᠴᠠᠭ ᠲᠤᠬᠠᠢ ᠳᠤᠨᠢ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠭᠠᠨ ᠲᠡᠭᠡᠭᠰᠢᠯᠡᠬᠦᠯᠵᠤ᠂ ᠪᠤᠳᠠᠳᠠᠢ ᠠᠷᠭ᠎ᠠ ᠬᠡᠮᠵᠢᠶ᠎ᠡ ᠪᠤᠯᠭᠠᠨ ᠬᠤᠪᠢᠷᠠᠭᠤᠯᠬᠤ ᠭᠡᠷᠡᠭᠳᠠᠢ︔ ᠰᠤᠲᠤᠯᠤᠭᠠᠳ ᠬᠠᠷᠠᠬᠠᠨ ᠨᠡᠪᠲᠡ ᠲᠦᠢᠯᠪᠤᠷᠢᠳᠠᠢ ᠪᠤᠯᠭᠠᠵᠤ ᠲᠡᠶᠢᠯᠦᠭᠡᠳᠦᠢ ᠪᠠᠶᠢᠴᠠᠭᠠᠨ ᠰᠤᠳᠤᠯᠤᠯᠳᠠ ᠶᠢᠨ ᠦᠷ᠎ᠡ ᠪᠦᠳᠦᠭᠡᠯ ᠳᠤ ᠨᠡᠩ ᠬᠦᠨᠵᠡᠭᠡᠢ ᠪᠠᠷ ᠰᠠᠨᠠᠯ ᠰᠤᠨᠤᠰᠴᠤ᠂ ᠲᠡᠬᠦᠯᠳᠡᠷᠵᠢᠬᠦᠯᠦᠭᠰᠡᠨ ᠤ ᠲᠠᠷᠠᠭ᠎ᠠ ᠲᠠᠬᠢᠨ ᠭᠡᠷᠡᠭᠵᠢᠬᠦᠯᠬᠦ ᠭᠡᠷᠡᠭᠳᠠᠢ︔ ᠨᠢᠭᠡᠨᠳᠠ ᠪᠦᠷᠢᠯᠳᠦᠭᠰᠡᠨ ᠠᠷᠭ᠎ᠠ ᠬᠡᠮᠵᠢᠶ᠎ᠡ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠬᠰᠡᠨ ᠢ ᠨᠢ ᠴᠠᠭ ᠲᠤᠬᠠᠢ ᠳᠤᠨᠢ ᠮᠦᠷᠳᠡᠨ ᠦᠨᠡᠯᠡᠵᠤ᠂ ᠪᠠᠶᠢᠳᠠᠯ ᠢ ᠦᠵᠡᠵᠤ ᠲᠤᠬᠢᠷᠠᠭᠤᠯᠤᠨ ᠰᠢᠯᠢᠳᠡᠭᠵᠢᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠲᠤᠬᠳᠠᠭᠠᠬᠤ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠲᠤᠬᠳᠠᠭᠠᠬᠤ ᠳᠤ᠂ ᠶᠠᠭᠤᠨ ᠤ ᠡᠮᠦᠨ᠎ᠡ ᠪᠠᠶᠢᠯᠳᠤᠬᠤ ᠪᠤᠳᠤᠯᠭ᠎ᠠ ᠶᠢᠨ ᠬᠠᠷᠠᠴᠠ ᠲᠠᠢ ᠪᠠᠶᠢᠵᠤ᠂ ᠬᠤᠯᠠ ᠶᠢ ᠬᠠᠷᠠᠵᠤ᠂ ᠬᠦᠨᠵᠡᠭᠡᠢ ᠪᠤᠳᠤᠯᠬᠢᠯᠠᠬᠤ ᠭᠡᠷᠡᠭᠳᠠᠢ᠃ ᠤᠳᠤᠷᠢᠳᠬᠤ ᠺᠠᠳ᠋ᠷᠴᠤᠳ ᠠᠰᠠᠭᠤᠳᠠᠯ ᠢ ᠪᠤᠳᠤᠯᠬᠢᠯᠠᠵᠤ᠂ ᠰᠢᠢᠳᠪᠤᠷᠢᠳᠤ ᠪᠤᠳᠤᠯᠭ᠎ᠠ ᠲᠤᠬᠳᠠᠭᠠᠬᠤ ᠳᠠᠭᠠᠨ᠂ ᠵᠠᠪᠡᠯ ᠤᠯᠤᠰ ᠤᠷᠤᠨ ᠤ ᠶᠡᠭᠡ ᠶᠠᠪᠤᠳᠠᠯ ᠲᠡᠭᠡᠷ᠎ᠡ ᠲᠤᠳᠤᠷ᠎ᠡ ᠪᠠᠨ ᠲᠤᠭ᠎ᠠ ᠲᠠᠢ ᠪᠠᠶᠢᠵᠤ᠂ ᠢᠯᠡᠬᠦᠤ ᠰᠢᠭ ᠶᠡᠭᠡ ᠲᠠᠯ᠎ᠡ ᠶᠢ ᠪᠤᠳᠤᠵᠤ᠂ ᠶᠡᠭᠡ ᠲᠡᠩᠰᠠ ᠶᠢ ᠪᠤᠳᠤᠵᠤ᠂ ᠪᠠᠭ᠎ᠠ ᠰᠢᠭ ᠬᠡᠰᠡᠭ ᠲᠠᠯ᠎ᠠ ᠪᠠᠨ ᠪᠤᠳᠤᠵᠤ᠂ ᠪᠠᠭ᠎ᠠ ᠲᠠᠩᠰᠠ ᠶᠢ ᠪᠤᠳᠤᠵᠤ᠂ ᠭᠠᠵᠠᠷ ᠤᠷᠤᠨ ᠪᠠ ᠰᠠᠯᠠᠭ᠎ᠠ ᠮᠦᠴᠢᠷ ᠤᠨ ᠠᠵᠢᠯ ᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠶᠡᠭᠡ ᠲᠠᠯ᠎ᠡ ᠳᠤ ᠠᠭᠤᠰᠤᠯᠴᠠᠭᠤᠯᠬᠤ ᠳᠠᠭᠠᠨ ᠴᠢᠳᠠᠮᠠᠭᠠᠢ ᠪᠠᠶᠢᠵᠤ᠂ ᠨᠢᠭᠡ ᠤᠷᠤᠨ ᠬᠡᠪᠴᠢᠶᠠᠨ ᠳᠤ ᠦᠡᠭᠭᠡ ᠭᠡᠷᠡᠯ ᠠᠪᠴᠢᠷᠠᠬᠤ ᠪᠦᠭᠡᠳ ᠨᠡᠩ ᠴᠤ ᠪᠦᠬᠦ ᠲᠠᠯ᠎ᠡ ᠳᠤ ᠭᠡᠷᠡᠯ ᠬᠢᠯᠪᠠᠭ᠎ᠠ ᠨᠠᠮᠠᠷᠢᠯᠡᠬᠦ ᠶᠢ ᠪᠠᠶᠠᠯᠡᠬᠦᠯᠬᠦ ᠭᠡᠷᠡᠭᠳᠠᠢ᠃ ᠬᠦᠨᠵᠡᠭᠡᠢ ᠰᠤᠳᠤᠯᠵᠤ᠂ ᠶᠡᠷᠤᠩᠭᠡᠶᠢᠯᠡᠨ ᠵᠠᠳᠠᠯᠵᠤ᠂ ᠤᠴᠢᠷ ᠶᠠᠪᠤᠳᠠᠯ ᠢ ᠬᠢᠬᠦ ᠳᠤ ᠵᠤᠬᠢᠬᠤ ᠡᠰᠡᠬᠦ᠂ ᠪᠤᠳᠠᠳᠠᠢ ᠲᠠᠢ ᠨᠡᠶᠢᠴᠡᠬᠦ ᠡᠰᠡᠬᠦ ᠶᠢ ᠦᠵᠡᠵᠤ᠂ ᠪᠦᠬᠦ ᠲᠠᠯ᠎ᠡ ᠳᠤ ᠠᠪᠠᠴᠢᠨ ᠪᠤᠲᠤᠯᠬᠢᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢ ᠭᠠᠷᠭᠠᠬᠤ ᠭᠡᠷᠡᠭᠳᠠᠢ᠃ ᠰᠢᠢᠳᠪᠤᠷᠢᠳᠦ ᠪᠤᠳᠤᠯᠭ᠎ᠠ ᠲᠤᠭᠳᠠᠭᠠᠬᠤ ᠳᠠᠭᠠᠨ ᠵᠠᠪᠠᠯ ᠭᠡᠷᠡᠭᠵᠢᠬᠦᠯᠵᠦ ᠪᠤᠯᠬᠤᠢᠢᠴᠠ ᠴᠢᠨᠠᠷ ᠢ ᠰᠤᠳᠤᠯᠵᠤ᠂ ᠤᠯᠠᠨ ᠲᠠᠯ᠎ᠠ ᠶᠢᠨ ᠰᠠᠨᠠᠯ ᠢ ᠰᠤᠨᠤᠰᠤᠨ᠂ ᠶᠡᠷᠦᠩᠭᠡᠶᠢᠯᠡᠨ ᠦᠨᠡᠯᠡᠵᠦ ᠮᠠᠭᠠᠳᠯᠠᠨ᠂ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂ ᠰᠢᠢᠳᠪᠤᠷᠢᠯᠡᠳᠦ ᠪᠤᠳᠤᠯᠭ᠎ᠠ ᠶᠢ ᠪᠤᠳᠠᠳᠤ ᠪᠠᠶᠢᠳᠠᠯ ᠲᠠᠢ ᠨᠡᠶᠢᠴᠡᠬᠦᠯᠬᠦ ᠭᠡᠷᠡᠭᠲᠡᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠦᠭᠡᠷᠡᠴᠢᠯᠡᠯᠳᠠ ᠶᠢᠨ ᠪᠤᠭᠤᠮᠳᠠ ᠰᠢᠪᠳᠤᠯᠬᠤ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠢᠷᠡᠭᠡᠳᠤᠢ ᠳᠤ ᠬᠠᠨᠳᠤᠬᠤᠶ᠎ᠠ᠂ ᠪᠢᠳᠠ ᠨᠠᠮ ᠪᠤᠯᠤᠨ ᠤᠯᠤᠰ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠡ ᠪᠠᠷ ᠠᠬᠢᠭᠤᠯᠵᠤ᠂ ᠢᠯᠠᠩᠭᠤᠶ᠎ᠡ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠲᠤᠭᠤᠰᠢᠯᠠᠭᠤᠯᠤᠨ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠰᠢᠨ᠎ᠡ ᠬᠦᠭᠵᠢᠯᠳᠠ ᠶᠢᠨ ᠪᠠᠶᠢᠷᠢᠰᠢᠯ ᠢ ᠴᠤᠭᠴᠠᠯᠠᠨ᠂ ᠦᠷᠬᠦᠯᠵᠢᠯᠡᠨ ᠴᠠᠭ ᠦᠶ᠎ᠡ ᠶᠢᠨ ᠡᠮᠤᠨ᠎ᠡ ᠡᠩᠨᠡᠭᠡᠨ ᠳᠤ ᠶᠠᠪᠤᠬᠤ ᠳᠤ᠂ ᠮᠦᠨ ᠬᠦ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠳᠤ ᠬᠦᠳᠡᠯᠭᠡᠬᠦ ᠬᠦᠴᠤ ᠨᠠᠮᠠᠷᠢᠯᠠᠵᠤ᠂ ᠰᠢᠪᠳᠤᠯᠤᠯᠳᠠ ᠬᠢᠬᠦ ᠶᠢ ᠡᠷᠢᠯᠬᠢᠯᠡᠬᠦ ᠭᠡᠷᠡᠭᠳᠠᠢ᠃ ᠦᠭᠡᠷᠡᠴᠢᠯᠡᠯᠳᠠ ᠬᠢᠬᠦ ᠳᠤ ᠡᠷᠬᠡᠪᠰᠢ ᠰᠦᠰᠤ ᠵᠤᠷᠢᠭ ᠪᠠ ᠰᠢᠢᠳᠮᠡᠭ ᠵᠤᠷᠢᠭ ᠪᠠᠶᠢᠬᠤ ᠭᠡᠷᠡᠭᠳᠠᠢ᠂ ᠬᠦᠴᠢᠷ ᠪᠡᠷᠭᠡᠰᠢᠶᠠᠯ ᠲᠠᠢ ᠪᠤᠯᠬᠤ ᠲᠤᠳᠤᠮ ᠤᠷᠤᠭᠰᠢᠯᠠᠨ ᠲᠠᠪᠰᠢᠬᠤ ᠬᠠᠳᠠᠨ ᠪᠠᠳᠤ ᠵᠤᠷᠢᠭ ᠢᠶᠠᠨ ᠪᠠᠳᠤᠯᠬᠠᠤ ᠭᠡᠷᠡᠭᠳᠠᠢ᠃ ᠠᠵᠢᠯ ᠶᠠᠪᠤᠳᠠᠯ ᠬᠢᠬᠦ ᠤᠷᠬᠢᠯᠤᠮ᠎ᠡ ᠬᠠᠯᠠᠭᠤᠨ ᠰᠡᠳᠬᠢᠯᠭᠡ ᠪᠠ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠶᠢ ᠤᠶᠠᠯᠳᠤᠭᠤᠯᠵᠤ᠂ ᠲᠤᠬᠳᠠᠭᠠᠬᠰᠡᠨ ᠡᠯ᠎ᠡ ᠵᠦᠢᠯ ᠤᠨ ᠦᠭᠡᠷᠡᠴᠢᠯᠡᠯᠳᠠ ᠶᠢᠨ ᠠᠷᠭ᠎ᠠ ᠬᠡᠮᠵᠢᠶ᠎ᠡ ᠪᠠᠨ ᠪᠤᠰᠤᠳᠴᠢ ᠵᠢᠮ᠎ᠡ ᠶᠤᠰᠤ ᠲᠠᠢ ᠨᠡᠶᠢᠴᠡᠬᠦᠯᠤᠨ᠂ ᠠᠵᠢᠯ ᠤᠨ ᠭᠡᠷᠡᠭᠴᠡᠭᠡ ᠲᠠᠢ ᠪᠠᠨ ᠨᠡᠶᠢᠴᠡᠬᠦᠯᠵᠤ᠂ ᠤᠯᠠᠨ ᠲᠦᠮᠡᠨ ᠤ ᠠᠰᠢᠭ ᠲᠤᠰᠠ ᠲᠠᠢ ᠨᠠᠶᠢᠴᠡᠬᠦᠯᠬᠦ ᠭᠡᠷᠡᠭᠳᠠᠢ᠃ ᠦᠭᠡᠷᠡᠴᠢᠯᠡᠯᠳᠠ ᠶᠢᠨ ᠪᠤᠭᠤᠮᠳᠠ ᠰᠢᠪᠳᠤᠯᠬᠤ ᠳᠤ ᠵᠦᠪ ᠤᠨᠤᠪᠴᠢᠳᠠᠢ ᠠᠷᠭ᠎ᠠ ᠬᠡᠮᠵᠢᠶ᠎ᠡ ᠠᠪᠴᠤ᠂ ᠰᠢᠨ᠎ᠡ ᠶᠢ ᠡᠬᠦᠳᠬᠦ ᠰᠡᠳᠬᠢᠬᠦᠢ ᠶᠢ ᠪᠠᠷᠢᠮᠳᠠᠯᠠᠨ᠂ ᠠᠰᠠᠭᠤᠳᠠᠯ ᠠᠴᠠ ᠡᠬᠦᠰᠴᠤ᠂ ᠠᠰᠠᠭᠤᠳᠠᠯ ᠢ ᠰᠢᠢᠳᠪᠤᠷᠢᠯᠡᠵᠤ᠂ ᠬᠤᠪᠢᠷᠠᠯᠳᠠ ᠶᠢ ᠤᠨᠤᠪᠴᠢᠳᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠳᠠ ᠳᠤ ᠵᠤᠬᠢᠴᠠᠭᠤᠯᠤᠨ᠂ ᠰᠠᠨᠠᠭᠠᠴᠢᠯᠠᠭ᠎ᠠ ᠠᠴᠠ ᠪᠠᠨ ᠬᠤᠪᠢᠷᠠᠯᠳᠠ ᠭᠠᠷᠭᠠᠬᠤ ᠶᠢ ᠡᠷᠢᠯᠬᠢᠯᠡᠵᠤ᠂ ᠵᠢᠮ᠎ᠡ ᠶᠤᠰᠤ ᠶᠢ ᠡᠵᠡᠮᠰᠢᠭᠰᠡᠨ ᠰᠠᠭᠤᠷᠢᠨ ᠲᠡᠭᠡᠷ᠎ᠡ ᠬᠤᠪᠢᠰᠤᠯᠳᠠ ᠰᠢᠨᠡᠴᠢᠯᠠᠯᠳᠠ ᠶᠢ ᠪᠠᠶᠠᠯᠡᠬᠦᠯᠬᠦ ᠭᠡᠷᠡᠭᠳᠠᠢ᠃ ᠤᠯᠠᠨ ᠲᠦᠮᠡᠨ ᠤ ᠡᠭᠦᠳᠦᠨ ᠪᠦᠳᠦᠭᠡᠯᠴᠢ ᠵᠤᠷᠢᠭ ᠰᠠᠨᠠᠭ᠎ᠠ ᠶᠢ ᠬᠦᠨᠳᠤᠳᠭᠡᠵᠤ᠂ ᠦᠵᠤ ᠲᠦᠯᠦᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠳᠠᠯᠠᠬᠤ ᠶᠢ ᠨᠢᠭᠡᠳᠭᠡᠨ᠂ ᠦᠨᠳᠤᠰᠤᠨ ᠱᠠᠳᠤᠨ ᠤ ᠠᠮᠢᠳᠤᠯᠢᠭ ᠪᠤᠲᠠᠲᠠᠢ ᠦᠢᠯᠡᠳᠦᠯᠭᠡ ᠲᠤᠮᠳᠠ ᠠᠴᠠ ᠤᠶᠤᠨ ᠤᠬᠠᠭᠠᠨ ᠰᠢᠩᠭᠡᠭᠡᠬᠦ ᠭᠡᠷᠡᠭᠳᠠᠢ᠃ ᠰᠢᠰᠲ᠋ᠧᠮᠲᠤ ᠴᠢᠨᠠᠷ᠂ ᠪᠦᠬᠦᠯᠢ ᠴᠤᠬᠴᠠᠳᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠶᠢ ᠴᠢᠬᠤᠯᠠᠴᠢᠯᠠᠨ᠂ ᠦᠭᠡᠷᠡᠴᠢᠯᠡᠯᠳᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠠᠷᠢᠯᠴᠠᠨ ᠬᠠᠮᠵᠢᠯᠴᠠᠨ᠂ ᠬᠠᠷᠢᠯᠴᠠᠨ ᠠᠬᠢᠭᠤᠯᠤᠨ᠂ ᠬᠠᠷᠢᠯᠴᠠᠨ ᠬᠠᠪᠰᠤᠷᠤᠯᠴᠠᠭᠤᠯᠬᠤ ᠭᠡᠷᠡᠭᠳᠠᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠪᠠᠴᠢᠮ ᠪᠠᠶᠢᠳᠠᠯ ᠢ ᠠᠷᠭᠠᠴᠠᠭᠠᠨ ᠭᠡᠨᠡᠳᠳᠡ ᠡᠬᠦᠰᠦᠭᠰᠡᠨ ᠭᠡᠷᠡᠭ ᠢ ᠰᠢᠢᠳᠪᠤᠷᠢᠯᠡᠬᠦ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠠᠶᠤᠯ ᠲᠦᠭᠰᠢᠬᠦᠷᠢ ᠢ ᠤᠷᠢᠳᠴᠢᠯᠡᠨ ᠮᠠᠭᠠᠳᠯᠠᠬᠤ ᠪᠤᠯ ᠠᠶᠤᠯ ᠲᠦᠭᠰᠢᠬᠦᠷᠢ ᠶᠢ ᠰᠡᠷᠭᠡᠶᠢᠯᠡᠬᠦ ᠶᠢᠨ ᠤᠷᠢᠳᠠᠯ ᠮᠦᠨ᠂ ᠠᠶᠤᠯ ᠲᠦᠭᠰᠢᠬᠦᠷᠢ ᠶᠢᠨ ᠬᠠᠨᠳᠤᠰᠢ ᠶᠢ ᠡᠵᠡᠮᠳᠡᠬᠦ ᠪᠤᠯ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠦ ᠡᠷᠬᠡ ᠶᠢ ᠤᠯᠬᠤ ᠶᠢᠨ ᠵᠠᠩᠭᠢᠯᠠᠭ᠎ᠠ ᠪᠤᠯᠤᠨ᠎ᠡ᠃ ᠠᠶᠤᠯ ᠲᠦᠭᠰᠢᠬᠦᠷᠢ ᠶᠢᠨ ᠤᠬᠠᠮᠰᠠᠷ ᠢᠶᠠᠨ ᠴᠢᠩᠭᠠᠳᠬᠠᠨ᠂ ᠤᠷᠢᠳᠠᠴᠢ ᠰᠢᠳᠠᠷ᠎ᠡ ᠶᠢ ᠰᠠᠶᠢᠳᠤᠷ ᠲᠠᠯᠪᠢᠵᠤ᠂ ᠰᠠᠨᠠᠭᠠᠴᠢᠯᠠᠭᠠᠳᠤ ᠲᠠᠶᠢᠯᠠᠯᠳᠤᠭᠠᠨ ᠢ ᠰᠠᠶᠢᠳᠤᠷ ᠬᠢᠵᠤ᠂ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠦᠭᠡᠨ ᠢ ᠠᠷᠭᠠᠴᠠᠭᠠᠬᠤ ᠪᠡᠯᠡᠳᠭᠡᠯ ᠢ ᠬᠡᠵᠢᠶ᠎ᠡ ᠢᠮᠠᠭᠲᠠ ᠰᠠᠶᠢᠳᠤᠷ ᠬᠢᠬᠦ ᠭᠡᠷᠡᠭᠳᠠᠢ᠃ ᠠᠵᠢᠯᠯᠠᠵᠤ ᠪᠠᠶᠢᠭ᠎ᠠ ᠬᠦᠷᠢᠶᠠᠨ ᠳᠠᠬᠢ ᠮᠡᠷᠭᠡᠵᠢᠯᠳᠠᠨ ᠪᠤᠯᠬᠤ ᠪᠠᠷ ᠴᠢᠷᠮᠠᠶᠢᠵᠤ᠂ ᠪᠠᠴᠢᠮ ᠪᠠᠶᠢᠳᠠᠯ ᠢ ᠠᠷᠭᠠᠴᠠᠭᠠᠨ ᠬᠡᠨᠡᠳᠳᠡ ᠡᠬᠦᠰᠦᠭᠰᠡᠨ ᠭᠡᠷᠡᠭ ᠢ ᠰᠢᠢᠳᠪᠤᠷᠢᠯᠡᠬᠦ ᠦᠵᠡᠯ ᠲᠠᠨᠢᠯᠳᠠ ᠪᠠ ᠰᠦᠰᠤ ᠵᠤᠷᠢᠭ ᠢᠶᠠᠨ ᠲᠡᠰᠤᠷᠠᠯᠳᠠ ᠦᠭᠡᠢ ᠲᠡᠭᠡᠭᠰᠢᠯᠡᠬᠦᠯᠵᠤ᠂ ᠡᠬᠦᠰᠴᠤ ᠮᠡᠳᠡᠬᠦ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠤᠭᠡᠨ ᠳᠤ᠂ ᠲᠤᠳᠤᠷ᠎ᠡ ᠪᠠᠨ ᠲᠤᠭ᠎ᠠ ᠲᠠᠢ᠂ ᠲᠦᠷᠦᠯ ᠬᠤᠪᠢᠶᠠᠨ ᠠᠷᠭ᠎ᠠ ᠪᠤᠳᠤᠯᠭ᠎ᠠ ᠭᠡᠷᠡᠭᠵᠢᠬᠦᠯᠬᠦ᠂ ᠨᠠᠷᠢᠯᠢᠭ ᠤᠨᠤᠪᠴᠢᠳᠠᠢ ᠪᠠᠷ ᠰᠢᠢᠳᠪᠤᠷᠢᠯᠡᠬᠦ ᠶᠢ ᠬᠢᠵᠤ ᠲᠡᠶᠢᠯᠵᠤ᠂ ᠪᠠᠶᠢᠳᠠᠯ ᠢ ᠪᠦᠳᠦᠮᠵᠢᠳᠠᠢ ᠪᠠᠷ ᠡᠵᠡᠮᠳᠡᠵᠤ᠂ ᠠᠶᠤᠯ ᠲᠦᠭᠰᠢᠬᠦᠷᠢ ᠶᠢ ᠠᠷᠢᠯᠭᠠᠬᠤ ᠭᠡᠷᠡᠭᠳᠠᠢ᠃ ᠠᠶᠤᠯ ᠲᠦᠭᠰᠢᠬᠦᠷᠢ ᠶᠢ ᠠᠷᠭᠠᠴᠠᠭᠠᠬᠤ ᠦᠢᠯᠡᠳᠦᠯᠭᠡ ᠲᠠᠢ ᠨᠢᠬᠳᠠ ᠤᠶᠠᠯᠳᠤᠭᠤᠯᠵᠤ᠂ ᠠᠵᠢᠯ ᠪᠠ ᠪᠠᠶᠢᠭᠤᠯᠤᠮᠵᠢ ᠲᠤᠬᠳᠠᠴᠠ ᠶᠢᠨ ᠲᠠᠯ᠎ᠡ ᠪᠠᠷ ᠬᠢ ᠠᠯᠳᠠᠰᠢ ᠶᠢ ᠪᠠᠶᠢᠴᠠᠭᠠᠵᠤ᠂ ᠴᠠᠭ ᠲᠤᠬᠠᠢ ᠳᠤᠨᠢ ᠲᠡᠬᠦᠯᠳᠡᠷᠵᠢᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠤᠯᠠᠨ ᠲᠦᠮᠡᠨ ᠤ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ ᠃ ᠤᠯᠠᠨ ᠲᠦᠮᠡᠨ ᠤ ᠳᠤᠮᠳᠠ ᠠᠴᠠ ᠢᠷᠡᠵᠤ᠂ ᠤᠯᠠᠨ ᠲᠦᠮᠡᠨ ᠤ ᠲᠤᠮᠳᠠ ᠳᠤ ᠬᠦᠷᠬᠦ ᠶᠢ ᠪᠠᠷᠢᠮᠳᠠᠯᠠᠵᠤ᠂ ᠤᠯᠠᠨ ᠲᠦᠮᠡᠨ ᠤ ᠵᠢᠩᠬᠢᠨᠢ ᠰᠡᠳᠬᠢᠯ ᠤᠨ ᠬᠦᠮᠤᠨ ᠪᠤᠯᠬᠤ ᠭᠡᠷᠡᠭᠳᠠᠢ᠃ ᠰᠡᠳᠬᠢᠯ ᠳᠡᠭᠡᠨ ᠤᠯᠠᠨ ᠲᠦᠮᠡᠨ ᠢ ᠪᠤᠳᠤᠵᠤ᠂ ᠴᠠᠬ ᠢᠮᠠᠬᠳᠠ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠬᠦᠷᠢ ᠲᠤᠯᠠᠭᠠᠨ ᠪᠦᠯᠢᠶᠠᠨ ᠢ ᠰᠠᠨᠠᠭᠠᠨ ᠳᠠᠭᠠᠨ ᠠᠪᠴᠤ᠂ ᠨᠠᠮ ᠤᠨ ᠲᠦᠪ ᠬᠤᠷᠢᠶᠠᠨ ᠤ ᠡᠯ᠎ᠠ ᠵᠦᠢᠯ ᠤᠨ ᠠᠷᠠᠳ ᠲᠤ ᠠᠰᠢᠬ ᠬᠦᠷᠳᠡᠬᠡᠬᠦ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭ᠎ᠠ ᠶᠠᠪᠤᠳᠠᠯ ᠢ ᠶᠡᠭᠡ ᠶᠠᠪᠤᠳᠠᠯ ᠪᠤᠯᠭᠠᠨ ᠰᠢᠢᠳᠪᠤᠷᠢᠯᠠᠵᠤ ᠂ ᠤᠯᠠᠨ ᠲᠦᠮᠡᠨ ᠤ ᠪᠠᠴᠢᠮᠲᠠᠵᠤ ᠰᠠᠨᠲᠤᠷᠴᠤ ᠪᠠᠶᠢᠭ᠎ᠠ ᠠᠰᠠᠭᠤᠲᠠᠯ ᠬᠦᠴᠢᠷᠲᠡᠵᠤ ᠲᠦᠪᠡᠭᠳᠡᠵᠦ ᠪᠠᠶᠢᠭ᠎ᠠ ᠠᠰᠠᠭᠤᠲᠠᠯ ᠰᠠᠨᠠᠭᠠᠰᠢᠷᠠᠵᠤ ᠬᠦᠰᠡᠨ ᠡᠷᠡᠮᠡᠯᠵᠡᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠤᠷᠢᠯᠡᠬᠦ ᠭᠡᠷᠡᠭᠳᠠᠢ᠃ ᠪᠦᠬᠦ ᠠᠷᠠᠳ ᠢ ᠬᠠᠮᠳᠤ ᠪᠠᠷ ᠴᠢᠨᠡᠭᠡᠯᠢᠭᠵᠢᠬᠦᠯᠬᠦ ᠶᠢ ᠠᠯᠬᠤᠮ ᠠᠯᠬᠤᠮ ᠢᠶᠠᠷ ᠪᠡᠶᠡᠯᠡᠬᠦᠯᠬᠦ ᠲᠤᠬᠠᠢ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠲᠠᠭᠠᠭᠤᠯᠤᠨ ᠲᠡᠰᠪᠤᠷᠢ ᠬᠠᠳᠠᠭᠤᠵᠢᠯᠳᠠᠢ ᠲᠡᠮᠡᠴᠡᠵᠤ᠂ ᠠᠵᠢᠯᠴᠢ ᠬᠦᠳᠡᠯᠮᠤᠷᠴᠢ ᠪᠠᠷ ᠪᠠᠶᠠᠵᠢᠨ ᠴᠢᠨᠡᠭᠡᠯᠢᠭᠵᠢᠵᠤ᠂ ᠤᠷᠤᠯᠭ᠎ᠠ᠂ ᠠᠵᠢᠯ ᠤᠯᠭᠤᠯᠳᠠ᠂ ᠰᠤᠷᠭᠠᠨ ᠬᠦᠮᠤᠵᠢᠯ᠂ ᠨᠡᠶᠢᠬᠡᠮ ᠤᠨ ᠲᠠᠭᠠᠳᠬᠠᠯ᠂ ᠡᠮ ᠡᠮᠨᠡᠯᠬᠡ ᠶᠢᠨ ᠲᠠᠭᠠᠳᠬᠠᠯ᠂ ᠡᠮ ᠡᠮᠨᠡᠯᠬᠡ ᠡᠷᠡᠬᠦᠯ ᠬᠠᠮᠠᠭᠠᠯᠠᠯ᠂ ᠤᠷᠤᠨ ᠰᠠᠭᠤᠴᠠ ᠵᠡᠷᠬᠡ ᠲᠠᠯ᠎ᠠ ᠪᠠᠷ ᠲᠠᠰᠤᠷᠠᠯᠳᠠ ᠦᠬᠡᠢ ᠪᠤᠳᠠᠳᠠᠢ ᠠᠮᠵᠢᠯᠳᠠ ᠪᠦᠳᠤᠮᠵᠢ ᠤᠯᠬᠤ ᠭᠡᠷᠡᠭᠳᠠᠢ᠃ ᠤᠯᠠᠨ ᠲᠦᠮᠡᠨ ᠳᠤ ᠤᠬᠠᠭᠤᠯᠭ᠎ᠠ ᠬᠢᠬᠦ᠂ ᠤᠯᠠᠨ ᠲᠦᠮᠡᠨ ᠢ ᠬᠦᠮᠤᠵᠢᠬᠦᠯᠬᠦ ᠶᠢ ᠠᠩᠬᠠᠷᠴᠤ᠂ ᠤᠯᠠᠨ ᠲᠦᠮᠡᠨ ᠤ ᠦᠵᠡᠵᠤ ᠰᠤᠨᠤᠰᠬᠤ ᠲᠤᠷᠠᠳᠠᠢ᠂ ᠬᠦᠯᠢᠶᠠᠨ ᠠᠪᠬᠤ ᠳᠤ ᠬᠢᠯᠪᠠᠷᠬᠠᠨ ᠠᠷᠭ᠎ᠠ ᠪᠠᠷ ᠠᠵᠢᠯ ᠢᠶᠠᠨ ᠦᠷᠨᠢᠬᠦᠯᠵᠤ᠂ ᠤᠯᠠᠨ ᠲᠦᠮᠡᠨ ᠤ ᠦᠵᠡᠯ ᠰᠠᠨᠠᠭᠠᠨ ᠤ ᠤᠬᠠᠮᠰᠠᠷ ᠢ ᠲᠡᠭᠡᠭᠰᠢᠯᠡᠬᠦᠯᠵᠤ᠂ ᠲᠡᠳᠡᠨ ᠤ ᠤᠷᠮ᠎ᠠ ᠵᠤᠷᠢᠭ ᠢ ᠪᠠᠲᠠᠷᠠᠭᠤᠯᠤᠨ᠂ ᠢᠳᠡᠪᠬᠢᠵᠢᠯ ᠢ ᠲᠠᠶᠢᠴᠢᠯᠠᠬᠤ ᠭᠡᠷᠡᠭᠳᠠᠢ᠃ ᠰᠠᠨᠠᠭᠠᠴᠢᠯᠠᠭ᠎ᠠ ᠠᠴᠠ ᠪᠠᠨ ᠬᠠᠤᠯᠢᠵᠢᠯ ᠤᠨ ᠰᠡᠳᠬᠢᠴᠠ ᠪᠤᠯᠤᠨ ᠬᠠᠤᠯᠢᠵᠢᠯ ᠤᠨ ᠠᠷᠭ᠎ᠠ ᠪᠠᠷ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠬᠦᠭᠵᠢᠯᠳᠠ ᠶᠢ ᠠᠬᠢᠭᠤᠯᠵᠤ᠂ ᠵᠦᠷᠢᠴᠡᠯ ᠢ ᠰᠢᠢᠳᠪᠤᠷᠢᠯᠠᠵᠤ ᠂ ᠨᠡᠶᠢᠬᠡᠮ ᠤᠨ ᠡᠷᠬᠡ ᠲᠡᠭᠰᠢ ᠲᠦᠪ ᠭᠤᠤᠯᠴᠢ ᠶᠢ ᠬᠠᠮᠠᠭᠠᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠵᠠᠯᠠᠭᠤ ᠺᠠᠳ᠋ᠷᠴᠤᠳ ᠨᠠᠶᠢᠳᠠᠪᠤᠷᠢᠵᠢᠭᠤᠯᠤᠯᠳᠠ ᠶᠢ ᠠᠳᠬᠤᠬᠤ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ᠃ ᠠᠵᠢᠯ ᠬᠢᠬᠦ ᠳᠤ ᠬᠡᠯᠪᠡᠷᠢ ᠶᠠᠩᠵᠤ ᠲᠡᠳᠦᠢ ᠭᠠᠷᠭᠠᠵᠤ ᠪᠤᠯᠬᠤ ᠦᠬᠡᠢ᠂ ᠡᠷᠬᠡᠪᠰᠢ ᠯᠠᠪᠳᠠᠭᠤᠨ ᠪᠠᠳᠤᠳᠠᠢ ᠬᠢᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠳᠬᠤᠬᠤ ᠳᠤ ᠲᠡᠭᠡᠷ᠎ᠠ ᠱᠠᠳᠤ ᠨᠢ ᠲᠤᠤᠷ᠎ᠠ ᠱᠠᠳᠤ ᠳᠠᠭᠠᠨ ᠲᠠᠭᠤᠷᠢᠶᠠᠯ ᠦᠵᠡᠬᠦᠯᠵᠤ᠂ ᠦᠨᠡᠨ ᠬᠦ ᠠᠳᠬᠤᠵᠤ ᠪᠤᠳᠠᠳᠠᠢ ᠬᠢᠬᠦ ᠭᠡᠷᠡᠭᠳᠠᠢ᠃ ᠢᠯᠠᠩᠭᠤᠶ᠎ᠠ ᠤᠳᠤᠷᠢᠳᠬᠤ ᠺᠠᠳ᠋ᠷ ᠪᠤᠯᠤᠭᠰᠠᠳ ᠤᠯᠠᠨ ᠢ ᠲᠠᠭᠠᠭᠤᠯᠤᠨ ᠬᠠᠮᠳᠤ ᠪᠠᠷ ᠬᠠᠷᠠᠯᠳᠠ ᠪᠠᠨ ᠲᠤᠭᠳᠠᠭᠠᠵᠤ᠂ ᠵᠠᠮ ᠢᠶᠠᠨ ᠳᠤᠳᠤᠷᠬᠠᠢᠢᠯᠠᠵᠦ᠂ ᠵᠤᠷ ᠢᠶᠠᠨ ᠵᠦᠪ ᠭᠠᠷᠭᠠᠬᠤ ᠬᠡᠷᠡᠭᠲᠡᠢ ᠪᠠᠷ ᠪᠠᠷᠠᠬᠤ ᠦᠬᠡᠢ᠂ ᠪᠠᠰᠠ ᠴᠢᠬᠤᠯᠠ ᠡᠬᠦᠷᠬᠡ ᠶᠢ ᠪᠡᠶ᠎ᠠ ᠪᠠᠷ ᠢᠶᠠᠨ ᠪᠠᠶᠢᠷᠢᠯᠠᠭᠤᠯᠵᠤ᠂ ᠵᠠᠩᠬᠢᠯᠠᠭ᠎ᠠ ᠶᠢᠨ ᠭᠤᠬᠴᠤᠭ᠎ᠠ ᠶᠢ ᠪᠠᠶ᠎ᠠ ᠪᠠᠷ ᠢᠶᠠᠨ ᠡᠵᠡᠮᠳᠡᠵᠤ᠂ ᠨᠠᠶᠢᠳᠠᠪᠤᠷᠢᠵᠢᠭᠤᠯᠤᠬᠰᠠᠨ ᠪᠠᠶᠢᠳᠠᠯ ᠢ ᠪᠠᠶ᠎ᠠ ᠪᠠᠷ ᠢᠶᠠᠨ ᠱᠠᠯᠠᠪᠳᠠᠭᠤᠯᠤᠨ ᠪᠠᠶᠢᠴᠠᠭᠠᠬᠤ ᠬᠡᠷᠡᠭᠲᠡᠢ᠂ ᠬᠠᠷᠢᠨ ᠦᠨᠳᠦᠷ ᠲᠡᠭᠡᠷ᠎ᠡ ᠵᠠᠯᠠᠷᠠᠨ ᠰᠠᠭᠤᠵᠤ᠂ ᠤᠷᠤ ᠦᠬᠡᠢ ᠭᠠᠵᠠᠷ ᠤᠪᠤᠭ᠎ᠠ ᠪᠤᠰᠬᠠᠵᠤ ᠪᠤᠯᠬᠤ ᠦᠬᠡᠢ᠂ ᠲᠤᠰᠢᠶᠠᠯ ᠡᠬᠦᠷᠬᠡᠯᠡᠭᠡᠳ ᠬᠠᠷᠢᠭᠤᠴᠠᠯᠭ᠎ᠠ ᠪᠠᠨ ᠬᠦᠢᠴᠡᠳᠬᠡᠬᠦ ᠦᠬᠡᠢ ᠪᠠᠶᠢᠵᠤ ᠪᠤᠯᠬᠤ ᠦᠬᠡᠢ᠃ ᠠᠵᠢᠯ ᠶᠠᠪᠤᠲᠠᠯ ᠬᠢᠬᠦ ᠳᠤ ᠬᠠᠳᠠᠭᠠᠰᠤ ᠬᠠᠳᠠᠬᠤ ᠵᠤᠷᠢᠬ ᠰᠠᠨᠠᠭ᠎ᠠ ᠲᠠᠢ ᠪᠠᠶᠢᠵᠦ᠂ ᠲᠡᠮᠦᠷ ᠪᠠᠷᠢᠪᠠᠯ ᠤᠷᠤᠮ ᠦᠯᠡᠳᠡᠭᠡᠵᠦ᠂ ᠴᠢᠯᠠᠭᠤᠨ ᠳᠡᠭᠡᠷ᠎ᠠ ᠮᠦᠷ ᠢᠶᠠᠨ ᠦᠯᠡᠳᠡᠭᠡᠬᠦ ᠵᠤᠷᠢᠬ ᠢᠶᠠᠷ ᠯᠠᠪᠳᠠᠭᠤᠨ ᠪᠠᠳᠤᠳᠠᠢ ᠤᠷᠤᠬᠰᠢᠯᠠᠵᠤ᠂ ᠠᠭᠤᠯᠠ ᠶᠢ ᠲᠠᠪᠠᠵᠤ ᠤᠷᠬᠢᠯ ᠳᠤ ᠠᠪᠠᠷᠢᠨ᠂ ᠭᠤᠤᠯ ᠢ ᠬᠡᠳᠤᠯᠤᠨ ᠮᠦᠷᠠᠨ ᠢ ᠲᠤᠭᠤᠯᠵᠤ᠂ ᠬᠦᠴᠢᠷ ᠠᠰᠠᠭᠤᠳᠠᠯ ᠢ ᠲᠠᠰᠤᠷᠠᠯᠳᠠ ᠦᠬᠡᠢ ᠰᠢᠢᠳᠪᠤᠷᠢᠯᠡᠬᠦ ᠲᠤᠮᠲᠠ ᠠᠵᠢᠯ ᠤᠨ ᠰᠢᠨ᠎ᠠ ᠪᠠᠶᠢᠳᠠᠯ ᠢ ᠨᠡᠬᠡᠬᠡᠬᠦ ᠭᠡᠷᠡᠭᠳᠠᠢ ᠬᠡᠵᠤ ᠴᠢᠬᠤᠯᠠᠴᠢᠯᠠᠪᠠ᠃    ᠰᠢ ᠶᠢᠨ ᠫᠢᠩ᠂ ᠪᠢᠳᠠ ᠶᠠᠭ ᠶᠡᠭᠡ ᠦᠢᠯᠡᠰ ᠢ ᠪᠦᠲᠦᠭᠡᠬᠦ ᠰᠢᠨ᠎ᠠ ᠴᠠᠬ ᠦᠶ᠎ᠠ ᠳᠤ ᠤᠷᠤᠰᠢᠵᠦ ᠪᠠᠶᠢᠨ᠎ᠠ᠃ ᠵᠠᠯᠠᠭᠤ ᠺᠠᠳ᠋ᠷᠴᠤᠳ ᠪᠠᠶ᠎ᠠ ᠪᠠᠷ ᠢᠶᠠᠨ ᠤᠢᠢᠯᠡᠳᠤᠯᠬᠡᠵᠢᠬᠦᠯᠵᠤ᠂ ᠬᠦᠨᠳᠤ ᠡᠬᠦᠷᠬᠡ ᠶᠢ ᠵᠤᠷᠢᠬᠳᠠᠢ ᠡᠬᠦᠷᠬᠡᠯᠠᠵᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠤᠢᠢᠯᠡᠳᠤᠯᠬᠡ ᠳᠤ ᠢᠳᠡᠪᠬᠢᠳᠠᠢ ᠤᠷᠤᠯᠴᠠᠵᠤ᠂ ᠰᠠᠯᠬᠢᠨ ᠪᠤᠷᠤᠭᠠᠨ ᠤ ᠲᠤᠮᠲᠠ ᠲᠠᠪᠲᠠᠭᠲᠠᠨ ᠪᠤᠯᠪᠠᠰᠤᠷᠠᠵᠤ᠂ ᠬᠠᠷᠠᠭᠠᠰᠤ ᠪᠠᠨ ᠦᠷᠭᠡᠵᠢᠬᠦᠯᠦᠨ᠂ ᠦᠨᠡᠨ ᠪᠤᠲᠠᠲᠠᠢ ᠡᠷᠳᠡᠮ ᠴᠢᠳᠠᠪᠤᠷᠢ ᠶᠢ ᠰᠤᠷᠴᠤ ᠪᠤᠯᠪᠠᠰᠤᠷᠠᠭᠤᠯᠵᠤ᠂ ᠤᠷᠦ᠋ᠢᠯᠠᠬᠰᠠᠨ ᠴᠢᠳᠠᠪᠤᠷᠢ ᠪᠠᠷ ᠵᠢᠳᠭᠦᠯ ᠴᠢᠷᠮᠠᠶᠢᠯᠭ᠎ᠠ ᠭᠠᠷᠭᠠᠵᠤ᠂ ᠡᠬᠦᠷᠬᠡ ᠬᠠᠷᠢᠭᠤᠴᠠᠯᠭ᠎ᠠ ᠳᠠᠭᠠᠨ ᠤᠰᠤᠯᠲᠤᠬᠤ ᠦᠭᠡᠢ ᠪᠠᠶᠢᠬᠤ ᠬᠡᠷᠡᠭᠲᠡᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠢᠨ ᠴᠢᠭᠯᠡᠬᠦᠯᠦᠯᠳᠤ ᠴᠢᠨᠠᠷᠳᠠᠢ ᠪᠠᠷ ᠵᠠᠯᠠᠭᠤ ᠺᠠᠳ᠋ᠷᠴᠤᠳ ᠤᠨ ᠦᠵᠡᠯ ᠰᠠᠨᠠᠭᠠᠨ ᠤ ᠪᠤᠯᠪᠠᠰᠤᠷᠠᠯ᠂ ᠤᠯᠤᠰ ᠲᠦᠷᠤ ᠶᠢᠨ ᠪᠤᠯᠪᠠᠰᠤᠷᠠᠯ᠂ ᠤᠢᠢᠯᠡᠳᠤᠯᠬᠡ ᠶᠢᠨ ᠪᠤᠯᠪᠠᠰᠤᠷᠠᠯ᠂ ᠲᠤᠰᠬᠠᠢ ᠮᠡᠷᠬᠡᠵᠢᠯ ᠤᠨ ᠪᠤᠯᠪᠠᠰᠤᠷᠠᠯ ᠢ ᠴᠢᠩᠭᠠᠳᠬᠠᠵᠤ᠂ ᠵᠠᠯᠠᠭᠤ ᠺᠠᠳ᠋ᠷᠴᠤᠳ ᠢ ᠬᠦᠮᠦᠵᠢᠬᠦᠯᠬᠦ ᠵᠦᠪ ᠵᠠᠮ ᠢ ᠳᠤᠳᠤᠷᠬᠠᠢᠢᠯᠡᠵᠦ᠂ ᠺᠠᠳ᠋ᠷ ᠢ ᠬᠦᠮᠤᠵᠢᠬᠦᠯᠬᠦ ᠶᠠᠪᠤᠴᠠ ᠳᠠᠬᠢ ᠬᠡᠯᠪᠡᠷᠢᠴᠢ ᠦᠵᠡᠯ ᠢ ᠡᠷᠡᠰ ᠲᠡᠪᠴᠢᠵᠦ᠂ ᠲᠡᠳᠡᠨ ᠢ ᠬᠠᠪᠰᠤᠷᠤᠨ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ ᠨᠢ ᠲᠡᠭᠡᠭᠰᠢᠯᠡᠬᠦᠯᠵᠤ᠂ ᠲᠡᠳᠡᠨ ᠢᠶᠠᠷ ᠰᠢᠨ᠎ᠠ ᠴᠠᠬ ᠦᠶ᠎ᠠ ᠠᠴᠠ ᠤᠯᠭᠤᠬᠰᠠᠨ ᠬᠠᠷᠢᠭᠤᠴᠠᠯᠭ᠎ᠠ ᠪᠤᠯᠤᠨ ᠡᠬᠦᠷᠬᠡ ᠶᠢ ᠨᠡᠩ ᠰᠠᠶᠢᠨ ᠡᠬᠦᠷᠬᠡᠯᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃    ᠴᠧᠨ ᠰᠢ ᠬᠢᠴᠢᠶᠠᠯ ᠡᠬᠢᠯᠡᠬᠦ ᠶᠤᠰᠤᠯᠠᠯ ᠢ ᠡᠷᠬᠢᠯᠠᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠰᠤᠷᠤᠯᠴᠠᠵᠤ ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠬᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠤᠢᠢᠯᠡᠳᠤᠯᠬᠡ ᠳᠤ ᠢᠳᠠᠪᠬᠢᠳᠠᠢ ᠤᠷᠤᠯᠴᠠᠵᠤ᠂ ᠦᠵᠡᠯ ᠰᠠᠨᠠᠭᠠᠨ ᠤ ᠪᠤᠯᠪᠠᠰᠤᠷᠠᠯ᠂ ᠤᠯᠤᠰ ᠲᠦᠷᠤ ᠶᠢᠨ ᠪᠤᠯᠪᠠᠰᠤᠷᠠᠯ᠂ ᠤᠢᠢᠯᠡᠳᠤᠯᠬᠡ ᠶᠢᠨ ᠪᠤᠯᠪᠠᠰᠤᠷᠠᠯ᠂ ᠲᠤᠰᠬᠠᠢ ᠮᠡᠷᠬᠡᠵᠢᠯ ᠤᠨ ᠪᠤᠯᠪᠠᠰᠤᠷᠠᠯ ᠢ ᠴᠦᠬᠦᠷᠡᠰᠢ ᠦᠭᠡᠢ ᠴᠢᠩᠠᠭᠠᠳᠬᠠᠵᠤ᠂ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠲᠡᠢ᠂ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ ᠂ ᠵᠤᠷᠢᠬᠳᠠᠢ ᠡᠬᠦᠷᠬᠡᠯᠠᠨ ᠵᠢᠳᠬᠦᠯ ᠴᠢᠷᠮᠠᠶᠢᠯᠭ᠎ᠠ ᠭᠠᠷᠭᠠᠵᠤ᠂ ᠪᠡᠷᠬᠡ ᠶᠢ ᠲᠤᠭᠤᠯᠵᠤ ᠬᠦᠴᠢᠷ ᠢ ᠲᠠᠪᠠᠭ᠋ᠤ ᠳᠠᠭᠠᠨ ᠴᠢᠳᠠᠮᠠᠭᠠᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠨᠠᠮ ᠪᠤᠯᠤᠨ ᠠᠷᠠᠳ ᠲᠦᠮᠡᠨ ᠤ ᠤᠯᠭᠤᠬᠰᠠᠨ ᠴᠠᠬ ᠦᠶ᠎ᠠ ᠶᠢᠨ ᠬᠦᠨᠳᠤ ᠡᠬᠦᠷᠬᠡ ᠶᠢ ᠡᠬᠦᠷᠬᠡᠯᠡᠬᠦ ᠭᠡᠷᠡᠭᠳᠠᠢ ᠬᠡᠵᠤ ᠵᠢᠭᠠᠵᠤ ᠭᠠᠷᠭᠠᠪᠠ᠃    ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠠᠯ ᠡᠬᠢᠯᠡᠬᠦ ᠶᠤᠰᠤᠯᠠᠯ ᠳᠤ ᠤᠷᠤᠯᠴᠠᠵᠠᠢ᠃    2020 ᠤᠨ ᠤ ᠨᠠᠮᠤᠷ ᠤᠨ ᠤᠯᠠᠷᠢᠯ ᠤᠨ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠬ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠰᠤᠷᠤᠯᠭᠠᠳᠠᠳ ᠬᠢᠴᠢᠶᠠᠯ ᠡᠬᠢᠯᠡᠬᠦ ᠶᠤᠰᠤᠯᠠᠯ ᠳᠤ ᠤᠷᠤᠯᠴᠠᠵᠤ᠂ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠢᠴᠢᠶᠠᠯ ᠡᠬᠢᠯᠡᠬᠦ ᠶᠤᠰᠤᠯᠠᠯ ᠳᠤ ᠰᠤᠯᠠ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号