ᠰᠦᠯᠳᠡ ᠰᠤᠮᠤ ᠰᠢᠨ᠎ᠡ ᠴᠠᠭ ᠦᠶ᠎ᠡ ᠳᠤ ᠰᠢᠨ᠎ᠡ ᠠᠷᠭ᠎ᠠ ᠮᠠᠶ᠋ᠢᠭ ᠢᠶᠠᠷ ᠤᠯᠠᠨ ᠲᠦᠮᠡᠨ ᠳᠡᠭᠡᠨ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020/10/13
     ᠰᠦᠯᠳᠡ ᠰᠤᠮᠤᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠶᠢᠨ ᠡᠩᠨᠡᠬᠡᠨ ᠤ ᠪᠤᠵᠠᠭᠠᠶᠢᠷᠠᠯᠳᠠ ᠨᠢ ᠮᠠᠯᠴᠢᠨ ᠲᠠᠷᠢᠶᠠᠴᠢᠨ ᠤ ᠦᠢᠯᠡᠳᠪᠤᠷᠢᠯᠠᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠵᠤ ᠲᠡᠶᠢᠯᠬᠦ ᠶᠢ ᠪᠠᠷᠢᠮᠳᠠᠯᠠᠭᠰᠠᠨ ᠢᠶᠠᠷ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠬᠡᠵᠢᠬᠦᠯᠬᠡ ᠶᠢᠨ ᠰᠢᠨ᠎ᠡ ᠰᠤᠷᠲᠠᠯ ᠪᠤᠯᠵᠤ ᠮᠠᠯᠴᠢᠨ ᠲᠠᠷᠢᠶᠠᠴᠢᠨ ᠤ ᠰᠡᠳᠬᠢᠯ ᠢ ᠲᠤᠯᠠᠭᠠᠴᠠᠭᠤᠯᠤᠨ ᠴᠢᠨᠡᠬᠡᠯᠢᠭ ᠨᠡᠶᠢᠬᠡᠮ ᠢ ᠪᠦᠬᠦ ᠲᠠᠯ᠎ᠠ ᠎ ᠪᠠᠷ ᠪᠦᠲᠦᠬᠡᠨ ᠪᠠᠶᠢᠭᠤᠯᠬᠤ ᠲᠤᠮᠳᠠ ᠮᠠᠯᠴᠢᠨ ᠲᠠᠷᠢᠶᠠᠴᠢᠳ ᠤᠨ ᠰᠠᠶᠢᠨ ᠬᠠᠨᠢ ᠪᠣᠯᠵᠠᠢ᠃      ᠤᠶᠢᠷ᠎ᠠ ᠶᠢᠨ ᠡᠳᠦᠷ᠂ ᠰᠦᠯᠳᠡ ᠰᠤᠮᠤᠨ ᠤ ᠲᠦᠩᠽᠢ ᠭᠠᠴᠠᠭ᠎ᠠ ᠲᠤᠰᠬᠠᠶᠢᠯᠠᠨ ᠰᠢᠨ᠎ᠡ ᠴᠠᠭ ᠦᠶ᠎ᠡ ᠶᠢᠨ ᠪᠤᠯᠪᠠᠰᠤᠨ ᠢ ᠤᠯᠠᠨ ᠲᠠᠯ᠎ᠠ ᠪᠠᠷ ᠦᠢᠯᠡᠳᠦᠯᠭᠡᠵᠢᠭᠦᠯᠦᠭᠰᠡᠨ ᠲᠠᠭᠤᠷᠢᠶᠠᠯ ᠵᠢᠱᠢᠶᠡᠴᠢ ᠬᠦᠮᠦᠰ ᠢ ᠱᠠᠩᠨᠠᠨ ᠬᠦᠬᠢᠬᠦᠯᠬᠦ ᠮᠠᠯᠴᠢᠳ ᠤᠨ ᠬᠤᠷᠠᠯ ᠬᠢᠵᠦ 34 ᠬᠦᠮᠦᠨ ᠢ ᠱᠠᠩᠨᠠᠨ ᠬᠦᠬᠢᠬᠦᠯᠦᠯ᠎ᠡ᠃ ᠡᠭᠦᠨ ᠤ ᠬᠠᠮᠳᠤ ︽ᠪᠤᠶᠠᠨ ᠭᠡᠰᠢᠭ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠪᠠᠶᠢᠭᠤᠯᠤᠭᠳᠠᠵᠤ ᠲᠤᠰ ᠭᠠᠴᠠᠭᠠᠨ ᠳᠤ ᠪᠠᠰᠠ ᠨᠢᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠨᠡᠮᠡᠭᠳᠡᠵᠠᠢ᠃      ᠲᠦᠩᠽᠢ ᠭᠠᠴᠠᠭᠠᠨ ᠳᠤ ︽ᠠᠬᠠᠮᠠᠳ ᠴᠡᠷᠢᠭ ᠤᠨ ᠵᠢᠪᠬᠤᠭ᠎ᠠ︾᠂ ︽ᠡᠮᠡᠭᠲᠡᠶᠢᠴᠦᠳ ᠤᠨ ᠵᠢᠪᠬᠤᠭ᠎ᠠ︾ ᠵᠡᠷᠭᠡ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠲᠠᠢ ᠪᠠᠶᠢᠵᠠᠢ᠃ ᠡᠨᠡ ᠤᠳᠠᠭ᠎ᠠ ᠪᠠᠶᠢᠭᠤᠯᠤᠭᠳᠠᠭᠰᠠᠨ ︽ᠪᠤᠶᠠᠨ ᠭᠡᠰᠢᠭ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠪᠣᠯ ᠭᠠᠴᠠᠭᠠᠨ ᠤ ᠨᠠᠮ ᠤᠨ ᠭᠡᠰᠢᠬᠦᠨ ᠪᠤᠯᠤᠨ ᠭᠠᠴᠠᠭ᠎ᠠ ᠵᠦᠪᠯᠡᠯ ᠤᠨ ᠪᠦᠷᠢᠯᠳᠤᠬᠦᠨ᠂ ᠮᠠᠯᠴᠢᠳ ᠤᠨ ᠲᠦᠯᠦᠭᠡᠯᠡᠭᠴᠢ ᠵᠡᠷᠭᠡ ᠬᠦᠮᠦᠰ ᠢᠶᠠᠷ ᠪᠦᠷᠢᠯᠳᠤᠵᠠᠢ᠃ ︽ᠪᠤᠶᠠᠨ ᠭᠡᠰᠢᠭ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠪᠠᠶᠢᠭᠤᠯᠤᠭᠳᠠᠭᠰᠠᠨ ᠡᠳᠦᠷ ᠲᠡᠭᠡᠨ ᠬᠦᠳᠡᠯᠮᠦᠷᠢ ᠭᠦᠴᠦ ᠲᠤᠲᠠᠭᠳᠠᠵᠤ ᠪᠠᠶᠢᠭ᠎ᠠ ᠮᠠᠯᠴᠢᠨ ᠰᠠᠳᠢ ᠶᠢᠨ ᠳᠤ ᠬᠦᠷᠴᠦ ᠨᠠᠮᠤᠷ ᠤᠨ ᠠᠵᠢᠯ ᠳᠤᠨᠢ ᠲᠤᠰᠠᠯᠠᠯᠴᠠᠵᠤ ᠡᠪᠡᠰᠦ ᠎ ᠶᠢ ᠨᠢ ᠬᠠᠳᠤᠵᠤ ᠦᠭᠬᠦᠭᠰᠡᠨ ᠪᠠᠶᠢᠨ᠎ᠠ᠃      ᠰᠦᠯᠳᠡ ᠰᠣᠮᠣ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠳᠡᠭᠡᠨ ︽ᠲᠤᠯᠠᠭᠠᠨ ᠠᠶᠢᠯ︾ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ‍ ᠨᠢᠭᠡ ᠭᠤᠤᠯ ᠦᠷᠲᠡᠭᠡ᠂ 12 ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠠᠭᠠᠨ ᠲᠤᠰᠪᠤᠷᠢ ᠨᠢᠭᠡ ᠬᠤᠪᠢᠶᠠᠷᠢ ᠦᠢᠯᠡᠳᠦᠯᠬᠡᠵᠢᠬᠦᠯᠬᠡ ᠶᠢᠨ ᠦᠷᠲᠡᠭᠡ ᠶᠢ ᠪᠠᠶᠢᠭᠤᠯᠵᠠᠢ᠃ ᠡᠭᠦᠨ ᠤ ᠰᠠᠭᠤᠷᠢᠨ ᠲᠡᠭᠡᠷ᠎ᠡ 7 ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠬᠡᠨ ᠤ ᠶᠡᠷᠦᠩᠬᠡᠶ ᠠᠩᠭᠢ ᠪᠠ 84 ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠬᠡᠨ ᠤ ᠬᠤᠪᠢᠶᠠᠷᠢ ᠠᠩᠭᠢ ᠶᠢ ᠪᠠᠶᠢᠭᠤᠯᠵᠤ ᠪᠦᠬᠦ ᠰᠤᠮᠤᠨ ᠤ ᠬᠡᠪᠴᠢᠶᠡᠨ ᠳᠤ ᠨᠠᠮ ᠤᠨ ᠭᠡᠰᠢᠬᠦᠨ᠂ ᠰᠠᠶᠢᠨ ᠲᠤᠷ᠎ᠠ ᠶᠢᠨ ᠦᠢᠯᠡᠴᠢᠯᠡᠬᠡᠨ ᠤ ᠬᠦᠮᠦᠰ ᠤᠨ ᠦᠢᠯᠡᠳᠤᠯ ᠴᠢᠳᠠᠪᠬᠢ ᠎ ᠶᠢ ᠬᠦᠢᠴᠡᠳ ᠪᠠᠳᠠᠷᠠᠭᠤᠯᠵᠦ ᠤᠷᠤᠰᠢᠵᠤ ᠪᠠᠶᠢᠭ᠎ᠠ ᠠᠰᠠᠭᠤᠳᠠᠯ ᠪᠠᠶᠢᠪᠠᠯ ᠬᠠᠮᠳᠤ ᠪᠠᠷ ᠵᠠᠳᠠᠯᠤᠨ ᠰᠢᠢᠳᠪᠦᠷᠢᠯᠡᠬᠦ ᠠᠷᠭ᠎ᠠ ᠲᠦᠰᠦᠯ ᠢᠶᠠᠨ ᠪᠦᠬᠦᠳᠡᠭᠡᠷ ᠢᠶᠠᠨ ᠵᠦᠪᠯᠡᠵᠦ ᠬᠦᠴᠢᠷ ᠪᠠᠶᠢᠪᠠᠯ ᠪᠦᠬᠦᠳᠡᠭᠡᠷ ᠢᠶᠠᠨ ᠬᠦᠳᠡᠯᠦᠯᠴᠡᠬᠦ ᠠᠵᠢᠯ ᠤᠨ ᠬᠡᠪ ᠮᠠᠶ᠋ᠢᠭ ᠢ ᠢᠳᠡᠪᠬᠢᠳᠡᠢ ᠪᠦᠷᠢᠯᠳᠤᠬᠦᠯᠵᠦ ᠤᠷᠢᠳ ᠬᠤᠵᠢᠳ 70 ᠭᠠᠷᠤᠢ ᠤᠳᠠᠭᠠᠨ ᠤ ᠦᠢᠯᠡᠴᠢᠯᠡᠭᠡ ᠶᠢ ᠪᠦᠳᠦᠮᠵᠢᠳᠡᠢ ᠶᠠᠪᠤᠭᠳᠠᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡᠵᠢᠬᠦᠯᠭᠡ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠤᠯ᠎ᠠ᠃ ᠣᠳᠣ ᠪᠣᠯᠬᠤ ᠳᠤ ᠪᠦᠬᠦ ᠰᠣᠮᠣᠨ ᠤ ᠬᠡᠪᠴᠢᠶᠠᠨ ᠳᠤ 505 ᠰᠠᠶᠢᠨ ᠳᠤᠷ᠎ᠠ ᠶᠢᠨ ᠠᠵᠢᠯᠯᠠᠭᠴᠢ ᠲᠠᠢ ᠪᠣᠯᠵᠣ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠵᠦ ᠠᠷᠠᠳ ᠲᠥᠮᠡᠨ ᠳᠤ ᠦᠢᠯᠡᠴᠢᠯᠡᠬᠦ ᠬᠦᠴᠦᠷᠬᠡᠭ ᠬᠠᠮ ᠬᠦᠴᠦᠨ ᠢ ᠪᠦᠷᠢᠯᠳᠤᠬᠦᠯᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号