ᠱᠧᠨ᠋ᠵᠧᠨ ᠤ ᠠᠵᠤ ᠠᠬᠤᠢ ᠶᠢᠨ ᠤᠨᠴᠠᠭᠠᠢ ᠤᠷᠤᠨ ᠪᠠᠶᠢᠭᠤᠯᠤᠬᠳᠠᠬᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 14 ᠤ ᠦᠳᠠ ᠶᠢᠨ ᠡᠮᠤᠨ᠎ᠡ ᠬᠤᠷᠠᠯᠳᠤᠵᠤ ᠰᠢ ᠶᠢᠨ ᠫᠢᠩ ᠶᠡᠭᠡ ᠬᠤᠷᠠᠯ ᠳᠤ ᠤᠷᠤᠯᠴᠠᠬᠤ ᠪᠦᠭᠡᠳ ᠴᠢᠬᠤᠯᠠ ᠶᠠᠷᠢᠶ᠎ᠡ ᠲᠠᠯᠪᠢᠨ᠎ᠡ
ᠨᠡᠶᠢᠲᠡᠯᠡᠭᠰᠡᠨ ᠴᠠᠭ᠄
2020/10/13
     ᠰᠢᠨᠬᠤᠸᠠ ᠬᠤᠷᠢᠶᠠᠨ ᠤ ᠱᠧᠨ᠋ᠵᠧᠨ ᠤ 10 ᠰᠠᠷ᠎ᠡ ᠶᠢᠨ 12 ᠤᠨ ᠴᠠᠬᠢᠯᠭᠠᠨ ᠮᠡᠳᠡᠭᠡ ᠱᠧᠨ᠋ᠵᠧᠨ ᠤ ᠠᠵᠤ ᠠᠬᠤᠢ ᠶᠢᠨ ᠤᠨᠴᠠᠭᠠᠢ ᠤᠷᠤᠨ ᠪᠠᠶᠢᠭᠤᠯᠤᠬᠳᠠᠬᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 14 ᠤ ᠦᠳᠠ ᠶᠢᠨ ᠡᠮᠤᠨ᠎ᠡ ᠭᠤᠸᠠᠩᠳᠦ᠋ᠩ ᠮᠤᠵᠢ ᠶᠢᠨ ᠱᠧᠨ᠋ᠵᠧᠨ ᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠬᠤ ᠪᠤᠯᠤᠨ᠎ᠡ᠃ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠬᠤ ᠪᠦᠭᠡᠳ ᠴᠢᠬᠤᠯᠠ ᠶᠠᠷᠢᠶ᠎ᠡ ᠲᠠᠯᠪᠢᠨ᠎ᠡ᠃      ᠲᠤᠬᠠᠢ ᠶᠢᠨ ᠴᠠᠭ ᠲᠤ᠂ ᠲᠦᠪ ᠤᠨ ᠷᠡᠳᠢᠣ᠋ ᠲᠧᠯᠸᠢᠰ ᠤᠨ ᠶᠡᠷᠤᠩᠭᠡᠢ ᠬᠤᠷᠢᠶ᠎ᠡ᠂ ᠰᠢᠨᠬᠤᠸᠠ ᠰᠦᠯᠵᠢᠶ᠎ᠠ ᠶᠡᠭᠡ ᠬᠤᠷᠠᠯ ᠢ ᠰᠢᠭᠤᠳ ᠨᠡᠪᠳᠡᠷᠡᠬᠦᠯᠵᠦ᠂ ᠠᠷᠠᠳ ᠤᠨ ᠰᠦᠯᠵᠢᠶ᠎ᠡ᠂ ᠲᠦᠪ ᠲᠧᠯᠸᠢᠰ ᠤᠨ ᠰᠦᠯᠵᠢᠶ᠎ᠡ᠂ ᠲᠤᠮᠳᠠᠳᠤ ᠤᠯᠤᠰ ᠤᠨ ᠰᠦᠯᠵᠢᠶ᠎ᠡ ᠵᠡᠷᠭᠡ ᠲᠦᠪ ᠤᠨ ᠭᠤᠤᠯᠳᠠᠯᠭ᠎ᠠ ᠲᠠᠢ ᠰᠤᠨᠢᠨ ᠮᠡᠳᠡᠭᠡᠨ ᠤ ᠰᠦᠯᠵᠢᠶᠠᠨ ᠤ ᠦᠷᠳᠡᠭᠡ ᠪᠠ ᠠᠷᠠᠳ ᠤᠨ ᠡᠳᠤᠷ ᠤᠨ ᠰᠤᠨᠢᠨ ᠤ ᠰᠢᠯᠵᠢᠶ᠎ᠡ᠂ ᠰᠢᠨᠬᠤᠸᠠ ᠬᠤᠷᠢᠶᠠᠨ ᠤ ᠰᠢᠯᠵᠢᠶ᠎ᠡ᠂ ᠲᠦᠪ ᠲᠧᠯᠸᠢᠰ ᠤᠨ ᠰᠤᠨᠢᠨ ᠮᠡᠳᠡᠭᠡᠨ ᠤ ᠰᠢᠯᠵᠢᠶ᠎ᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠵᠢᠯᠢ ᠠᠯᠬᠤᠮ ᠢᠶᠠᠷ ᠲᠠᠮᠵᠢᠭᠤᠯᠤᠨ ᠨᠡᠪᠳᠡᠷᠡᠬᠦᠯᠤᠨ᠎ᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号